ᠡᠵᠡᠨ ᠬᠤᠷᠤᠭ᠎ᠠ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ
ᠨᠡᠶᠢᠲᠡᠯᠡᠭᠰᠡᠨ ᠴᠠᠭ᠄
2022/10/27
                    〔2022〕89 ᠳ᠋ᠤᠭᠡᠷ ᠲᠣᠭᠠᠲᠤ      ᠡᠷᠬᠢᠨ ᠲᠣᠭᠤᠷᠢᠨ ᠤ ᠭᠠᠵᠠᠷ ᠣᠷᠣᠨ ᠤ ᠬᠢᠵᠢᠭ ᠤᠨ ᠪᠠᠶᠢᠳᠠᠯ ᠤᠨ ᠬᠥᠭᠵᠢᠯᠲᠡ ᠬᠤᠪᠢᠷᠠᠯᠲᠠ ᠶᠢ ᠦᠨᠳᠦᠰᠦᠯᠡᠵᠦ᠂ ᠮᠠᠨ ᠤ ᠬᠤᠰᠢᠭᠤᠨ ᠤ ᠲᠥᠪᠯᠡᠷᠡᠭᠦᠯᠦᠨ ᠲᠤᠰᠠᠭᠠᠷᠯᠠᠬᠤ ᠡᠬᠢ ᠪᠠᠶᠠᠯᠢᠭ ᠤᠨ ᠨᠥᠭᠡᠴᠡ ᠵᠢᠴᠢ ᠬᠡᠷᠡᠭᠯᠡᠯᠲᠡ ᠶᠢᠨ ᠪᠠᠶᠢᠳᠠᠯ ᠲᠠᠢ ᠤᠶᠠᠯᠳᠤᠭᠤᠯᠤᠨ᠂ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ︵ᠶᠢᠰᠦᠳᠦᠭᠡᠷ ᠬᠡᠪᠯᠡᠯ︶︾᠎ ᠤᠨ ᠲᠣᠭᠲᠠᠭᠠᠯ ᠵᠢᠴᠢ ︽ᠣᠷᠳᠣᠰ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠣᠶᠢᠷ᠎ᠠ ᠶᠢᠨ ᠬᠤᠭᠤᠴᠠᠭᠠᠨ ᠳᠤ ᠮᠠᠨ ᠤ ᠬᠤᠲᠠ ᠳᠤ ᠢᠷᠡᠭᠰᠡᠨ ︵ᠪᠤᠴᠠᠵᠤ ᠢᠷᠡᠭᠰᠡᠨ︶ ᠬᠥᠮᠦᠰ ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢᠨ ᠲᠤᠬᠠᠶ ᠴᠢᠬᠤᠯᠠ ᠰᠠᠨᠠᠭᠤᠯᠤᠮᠵᠢ︾ ᠶᠣᠰᠣᠭᠠᠷ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠰᠤᠳᠤᠯᠤᠯᠲᠠ ᠪᠠᠷ ᠳᠡᠮᠵᠢᠨ᠂ ᠡᠳᠦᠭᠡ ᠬᠤᠯᠪᠣᠭᠳᠠᠯ ᠪᠥᠬᠦᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠳᠤᠤᠷᠠᠬᠢ ᠮᠡᠲᠦ  ᠵᠠᠷᠯᠠᠶ᠎ᠠ᠄       ︵ᠨᠢᠭᠡ︶ ᠲᠣᠰ ᠡᠳᠦᠷ ᠠᠴᠠ ᠡᠬᠢᠯᠡᠨ᠂ ᠣᠷᠳᠣᠰ ᠬᠤᠲᠠ ᠠᠴᠠ ᠭᠠᠳᠠᠨᠠᠬᠢ ᠬᠥᠮᠦᠰ ᠴᠢᠬᠤᠯᠠ ᠦᠭᠡᠢ ᠪᠤᠯ ᠮᠠᠨ ᠤ ᠬᠤᠰᠢᠭᠤᠨ ᠳᠤ ᠤᠷᠤᠵᠤ ᠢᠷᠡᠬᠦ ᠥᠬᠡᠶ ᠪᠠᠶᠢᠬᠤ ᠶᠢ ᠰᠠᠨᠠᠭᠤᠯᠵᠤ ᠪᠠᠶᠢᠨ᠎ᠠ᠃ ᠦᠨᠡᠨ ᠬᠦ ᠤᠷᠤᠵᠤ ᠢᠷᠡᠬᠦ ᠴᠢᠬᠤᠯᠠᠲᠠᠶ ᠪᠣᠯ᠂ ᠰᠢᠨᠵᠢᠶᠠᠩ᠂ ᠲᠥᠪᠡᠳ᠂ ᠨᠢᠩᠰᠢᠶᠠ᠂ ᠱᠠᠨ ᠰᠢ᠂ ᠰᠢ ᠠᠨ᠂ ᠬᠥᠬᠡᠬᠤᠲᠠ᠂ ᠪᠤᠭᠤᠲᠤ ᠵᠡᠷᠭᠡ ᠭᠠᠵᠠᠷ ᠠᠴᠠ ᠢᠷᠡᠭᠰᠡᠨ ᠬᠥᠮᠦᠰ ᠢ 7 ᠡᠳᠦᠷ ᠲᠥᠪᠯᠡᠷᠡᠭᠦᠯᠦᠨ ᠲᠤᠰᠠᠭᠠᠷᠯᠠᠬᠤ ︵1᠂ 2᠂ 3᠂ 5᠂ 7 ᠡᠳᠦᠷ ᠲᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠨ᠎ᠠ︶᠂ ᠳᠡᠭᠡᠷ᠎ᠡ ᠳᠤᠷᠠᠳᠤᠭᠰᠠᠨ ᠭᠠᠵᠠᠷ ᠣᠷᠣᠨ ᠠᠴᠠ ᠪᠤᠰᠤᠳ ᠪᠠᠶᠢᠩᠭᠤᠵᠢᠭᠰᠠᠨ ᠬᠠᠮᠢᠶᠠᠷᠤᠯᠳᠠ ᠬᠢᠵᠤ ᠪᠠᠶᠢᠭ᠎ᠠ ᠭᠠᠵᠠᠷ ᠣᠷᠣᠨ ᠤ ᠬᠥᠮᠦᠰ ᠢ 7 ᠡᠳᠦᠷ ᠬᠡᠷ ᠲᠤ ᠪᠠᠨ ᠲᠤᠰᠠᠭᠠᠷᠯᠠᠬᠤ ︵1᠂ 4᠂ 7 ᠡᠳᠦᠷ ᠲᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠨ᠎ᠠ︶᠎  ᠠᠷᠭ᠎ᠠ ᠭᠡᠮᠵᠢᠶ᠎ᠡ ᠶᠢ ᠬᠡᠷᠡᠭᠵᠢᠭᠦᠯᠦᠨ᠎ᠡ᠂ ᠬᠡᠷ ᠲᠤ ᠪᠠᠨ ᠲᠤᠰᠠᠭᠠᠷᠯᠠᠬᠤ ᠨᠥᠬᠦᠴᠡᠯ ᠥᠬᠡᠶ ᠪᠣᠯ 5 ᠡᠳᠦᠷ ᠲᠥᠪᠯᠡᠷᠡᠭᠦᠯᠦᠨ ᠲᠤᠰᠠᠭᠠᠷᠯᠠᠬᠤ ︵1᠂ 3᠂ 5 ᠡᠳᠦᠷ ᠲᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠨ᠎ᠠ︶ + 2 ᠡᠳᠦᠷ ᠥᠪᠡᠷ ᠤᠨ ᠡᠷᠡᠭᠦᠯ ᠮᠡᠨᠳᠦ ᠶᠢᠨ ᠰᠢᠯᠭᠠᠨ ᠪᠠᠶᠢᠴᠠᠭᠠᠯᠲᠠ ᠬᠢᠨ᠎ᠠ ︵ᠡᠳᠦᠷ ᠪᠦᠷᠢ 1 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠨ᠎ᠠ︶᠃      ︵ᠬᠤᠶᠠᠷ︶ ᠲᠣᠰ ᠡᠳᠦᠷ ᠠᠴᠠ ᠡᠬᠢᠯᠡᠨ᠂ ᠳ᠋ᠦᠩᠱᠧᠩ ᠲᠣᠭᠤᠷᠢᠭ᠂ ᠬᠢᠶ᠎ᠠ ᠪᠠᠭᠰᠢ ᠲᠣᠭᠤᠷᠢᠭ ᠠᠴᠠ ᠮᠠᠨ ᠤ ᠬᠤᠰᠢᠭᠤᠨ ᠳᠤ ᠣᠷᠣᠵᠤ ᠢᠷᠡᠬᠦ ᠬᠥᠮᠦᠰ 72 ᠴᠠᠭ ᠤᠨ ᠲᠤᠳᠤᠷᠠᠬᠢ ᠬᠦᠴᠦᠨ ᠪᠦᠬᠦᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠬᠢᠭᠰᠡᠨ ᠪᠠᠶᠢᠵᠤ᠂ ᠱᠠᠭᠠᠷᠳᠠᠯᠭ᠎ᠠ ᠶᠣᠰᠣᠭᠠᠷ ᠲᠠᠯᠠᠪᠤᠷ ᠭᠠᠵᠠᠷ ᠤᠨ ᠺᠣᠳ᠋ ᠢ ᠰᠢᠷᠪᠢᠭᠰᠡᠨ ᠤ ᠳᠠᠷᠠᠭ᠎ᠠ ᠡᠮᠬᠢ ᠵᠢᠷᠤᠮ ᠲᠠᠢ ᠪᠠᠷ ᠶᠠᠪᠤᠵᠤ ᠰᠠᠭᠤᠵᠤ ᠪᠤᠯᠤᠨ᠎ᠠ᠃ ᠬᠤᠲᠠ ᠶᠢᠨ ᠳᠣᠲᠣᠷᠠᠬᠢ ᠪᠤᠰᠤᠳ ᠬᠤᠰᠢᠭᠤ ᠲᠣᠭᠤᠷᠢᠭ ᠤᠨ ᠬᠥᠮᠦᠰ ᠪᠤᠯᠬᠤ ᠶᠢᠨ ᠲᠤᠳᠤᠷ᠎ᠠ ᠮᠠᠨ ᠤ ᠬᠤᠰᠢᠭᠤᠨ ᠳᠤ ᠲᠦᠷ ᠴᠠᠭ ᠤᠷᠤᠵᠤ ᠢᠷᠡᠬᠦ ᠦᠭᠡᠢ ᠪᠠᠶᠢᠬᠤ ᠶᠢ ᠰᠠᠨᠠᠭᠤᠯᠵᠤ ᠪᠠᠶᠢᠨ᠎ᠠ᠂ ᠦᠨᠡᠨ ᠬᠦ ᠤᠷᠤᠵᠤ ᠢᠷᠡᠬᠦ ᠴᠢᠬᠤᠯᠠᠲᠠᠶ ᠪᠣᠯ ᠤᠷᠢᠳᠴᠢᠯᠠᠨ ᠪᠠᠶᠢᠭ᠎ᠠ ᠨᠡᠶᠢᠭᠡᠮ ᠲᠣᠭᠤᠷᠢᠭ ᠪᠤᠶᠤ ᠭᠥᠯᠢᠶᠡᠨ ᠠᠪᠬᠤ ᠨᠢᠭᠡᠴᠢ ᠳᠤ ᠪᠠᠨ ᠭᠤᠶᠤᠴᠢᠯᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠂ ᠢᠷᠡᠭᠰᠡᠨ ᠤ ᠳᠠᠷᠠᠭ᠎ᠠ ᠬᠡᠷ ᠲᠤ ᠪᠠᠨ ᠲᠤᠰᠠᠭᠠᠷᠯᠠᠬᠤ ᠨᠥᠬᠦᠴᠡᠯ ᠢ ᠪᠦᠷᠢᠯᠳᠦᠭᠦᠯᠦᠭᠰᠡᠨ ᠪᠠᠶᠢᠪᠠᠯ ᠬᠡᠷ ᠎ ᠲᠤ ᠪᠠᠨ 7 ᠡᠳᠦᠷ ᠲᠤᠰᠠᠭᠠᠷᠯᠠᠵᠤ ︵1᠂ 4᠂ 7 ᠡᠳᠦᠷ ᠲᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠨ᠎ᠠ︶᠂ ᠬᠡᠷ ᠎ ᠲᠤ ᠪᠠᠨ ᠲᠤᠰᠠᠭᠠᠷᠯᠠᠬᠤ ᠨᠥᠬᠦᠴᠡᠯ ᠢ ᠪᠦᠷᠢᠯᠳᠦᠭᠦᠯᠦᠭᠰᠡᠨ ᠥᠬᠡᠶ ᠪᠠᠶᠢᠪᠠᠯ 5 ᠡᠳᠦᠷ ᠲᠥᠪᠯᠡᠷᠡᠭᠦᠯᠦᠨ ᠲᠤᠰᠠᠭᠠᠷᠯᠠᠵᠤ ︵1᠂ 3᠂ 5 ᠡᠳᠦᠷ ᠲᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠨ᠎ᠠ︶ + 2 ᠡᠳᠦᠷ ᠤᠨ ᠥᠪᠡᠷ ᠤᠨ ᠡᠷᠡᠭᠦᠯ ᠮᠡᠨᠳᠦ ᠶᠢᠨ ᠰᠢᠯᠭᠠᠨ ᠪᠠᠶᠢᠴᠠᠭᠠᠯᠲᠠ ︵ᠡᠳᠦᠷ ᠪᠦᠷᠢ 1 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠨ᠎ᠠ︶ ᠬᠢᠨ᠎ᠠ᠃       ︵ᠭᠤᠷᠪᠠ︶ ᠲᠤᠰ ᠡᠳᠦᠷ ᠠᠴᠠ ᠡᠬᠢᠯᠡᠨ᠂ ᠨᠢᠭᠡ ᠪᠠᠭᠤᠳᠠᠯ ᠬᠤᠶᠠᠷ ᠦᠷᠲᠡᠭᠡ ᠪᠠᠷ ᠳᠠᠮᠵᠢᠨ ᠮᠠᠨ ᠤ ᠬᠤᠰᠢᠭᠤᠨ ᠳᠤ ᠢᠷᠡᠬᠦ ᠪᠤᠶᠤ ᠬᠤᠰᠢᠭᠤᠨ ᠠᠴᠠ ᠶᠠᠪᠤᠬᠤ ᠬᠥᠮᠦᠰ ᠬᠠᠷᠢᠶ᠎ᠠ ᠭᠠᠵᠠᠷ ᠲᠠᠢ ᠪᠠᠨ ᠤᠷᠢᠳᠴᠢᠯᠠᠨ ᠬᠠᠷᠢᠯᠴᠠᠵᠤ᠂ ᠲᠤᠰᠬᠠᠶ ᠬᠥᠮᠦᠨ ᠪᠤᠭᠤᠳᠤ ᠠᠴᠠ ᠮᠤᠤ ᠮᠢᠩ ᠬᠦᠷᠬᠦ  ᠲᠦᠷᠭᠡᠨ ᠤ ᠵᠠᠮ ᠤᠨ ᠠᠯᠳᠠᠨᠰᠢᠷᠡᠭᠡ ᠪᠠᠯᠭᠠᠰᠤᠨ ᠤ ᠣᠷᠣᠵᠤ ᠭᠠᠷᠬᠤ ᠡᠬᠦᠳᠡᠨ ᠲᠡᠭᠡᠷ᠎ᠡ ᠰᠢᠭᠤᠳ ᠲᠤᠰᠴᠤ ᠬᠦᠷᠭᠡᠨ᠎ᠡ᠂ ᠮᠠᠨ ᠤ ᠬᠤᠰᠢᠭᠤᠨ ᠤ ᠬᠠᠷᠢᠶᠠᠲᠤ ᠣᠷᠣᠨ ᠳᠤ ᠲᠡᠷᠭᠡᠨ ᠠᠴᠠ ᠎ ᠪᠠᠨ ᠪᠠᠭᠤᠵᠤ ᠲᠤᠭᠤᠷᠢᠵᠤ ᠪᠣᠯᠬᠤ ᠦᠭᠡᠢ᠃ ᠰᠢᠭᠤᠳ ᠲᠤᠰᠴᠤ ᠬᠦᠷᠭᠡᠬᠦ ᠨᠥᠬᠦᠴᠡᠯ ᠦᠭᠡᠢ ᠪᠤᠶᠤ ᠲᠤᠰ ᠡᠳᠤᠷ ᠲᠤ ᠪᠠᠨ ᠮᠠᠨ ᠤ ᠬᠤᠰᠢᠭᠤᠨ ᠠᠴᠠ ᠰᠠᠯᠵᠤ ᠴᠢᠳᠠᠬᠤ ᠦᠭᠡᠢ ᠬᠦᠮᠤᠰ ᠢ ᠪᠦᠬᠦᠨ ᠢ ᠢᠳᠬᠠᠨ ᠪᠤᠴᠠᠭᠠᠬᠤ ᠪᠤᠶᠤ ᠲᠥᠪᠯᠡᠷᠡᠭᠦᠯᠦᠨ ᠲᠤᠰᠠᠭᠠᠷᠯᠠᠨ᠎ᠠ᠃                      ᠡᠵᠡᠨ ᠬᠤᠷᠤᠭ᠎ᠠ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ                      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                 2022 ᠣᠨ ᠤ 10 ᠳ᠋ᠤᠭᠠᠷ ᠰᠠᠷ᠎ᠠ ᠶᠢᠨ 26᠎ ᠤ ᠡᠳᠦᠷ
ᠢᠷᠡᠯᠲᠡ᠄ ᠲᠤᠰ ᠰᠦᠯᠵᠢᠶ᠎ᠡ