| ᠤᠶᠢᠷ᠎ᠠ ᠳᠤ᠂ ᠮᠠᠨ ᠤ ᠬᠤᠰᠢᠭᠤᠨ ᠤ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ | ᠱᠦᠵᠢ ᠶᠢᠨ ︽ᠴᠢᠳᠠᠪᠤᠷᠢ ᠶᠢᠨ ᠮᠥᠷᠦ᠋ᠢᠴᠡᠭᠡᠨ︾ ᠤ ᠬᠤᠶᠠᠳᠠᠬᠢ ᠤᠷᠤᠯᠳᠤᠭᠠᠨ ᠠᠯᠳᠠᠨᠰᠢᠷᠡᠭᠡ ᠪᠠᠯᠭᠠᠰᠤ ᠳᠤ | ᠶᠠᠪᠤᠭᠳᠠᠪᠠ᠃ ᠬᠤᠳᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠵᠤᠬᠢᠶᠠᠨ ᠪᠠᠶᠢᠭᠤᠯᠬᠤ | ᠭᠤᠷᠪᠠᠳᠤᠭᠠᠷ ᠰᠠᠯᠠᠭᠠᠨ ᠤ ᠳᠠᠷᠤᠭ᠎ᠠ ᠬᠠᠨ ᠢᠦᠢ ᠹᠧᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠼᠦᠢ ᠶᠦᠩ ᠫᠢᠩ ᠵᠡᠷᠭᠡ ᠤᠳᠤᠷᠢᠳᠤᠯᠭ᠎ᠠ ᠵᠢᠴᠢ | ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠠᠵᠢᠯᠯᠠᠭ᠎ᠠ ᠳᠤ ᠣᠷᠣᠯᠴᠠᠪᠠ᠃ | ︽ᠴᠢᠳᠠᠪᠤᠷᠢ ᠶᠢᠨ ᠮᠥᠷᠦ᠋ᠢᠴᠡᠭᠡᠨ︾ ᠤ ᠠᠬᠤᠢ ᠲᠠᠯᠠᠪᠠᠢ ᠳᠤ᠂ ᠠᠩᠬᠠᠨ ᠤ ᠤᠷᠤᠯᠳᠤᠭᠠᠨ ᠢᠶᠠᠷ ᠰᠢᠯᠭᠠᠷᠠᠵᠤ | ᠭᠠᠷᠤᠬᠰᠠᠨ 10 ᠰᠢᠯᠢᠳᠡᠭ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠲᠤᠬᠠᠢ ᠶᠢᠨ | ᠲᠠᠯᠠᠪᠠᠢ ᠳᠤ ᠲᠤᠰᠢᠶᠠᠯ ᠤᠨ ᠮᠡᠳᠡᠭᠦᠯᠦᠯᠲᠡ ᠬᠢᠬᠦ᠂ ᠸᠢᠳᠢᠣ᠋ ᠦᠵᠡᠭᠦᠯᠬᠦ᠂ ᠰᠣᠯᠢᠯᠴᠠᠭ᠎ᠠ ᠬᠢᠬᠦ ᠵᠡᠷᠭᠡ ᠠᠷᠭ᠎ᠠ | ᠬᠡᠯᠪᠡᠷᠢ ᠪᠠᠷ ᠲᠠᠶᠢᠰᠠᠨ ᠲᠡᠭᠡᠷ᠎ᠡ ᠮᠥᠷᠦ᠋ᠢᠴᠡᠵᠦ᠂ ᠰᠢᠯᠭᠠᠷᠠᠭᠤᠯᠬᠤ ᠺᠣᠮᠢᠰ ᠤᠨ ᠭᠡᠰᠢᠭᠦᠨ ᠠᠴᠠ ᠬᠤᠪᠢ ᠥᠭᠬᠦ᠂ | ᠲᠤᠬᠠᠢ ᠶᠢᠨ ᠭᠠᠵᠠᠷ ᠲᠤ ᠨᠢ ᠲᠣᠭᠤᠷᠢᠨ ᠦᠵᠡᠬᠦ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠪᠠᠶᠢᠴᠠᠭᠠᠬᠤ | ᠵᠡᠷᠭᠡ ᠭᠤᠭᠴᠤᠭ᠎ᠠ ᠪᠠᠷ ᠬᠠᠮᠤᠭ ᠤᠨ ᠡᠴᠦᠰ ᠲᠤ ᠶᠡᠷᠦᠩᠬᠡᠶᠢᠯᠡᠭᠰᠡᠨ ᠬᠢᠷᠢ ᠪᠦᠲᠦᠮᠵᠢ ᠶᠢ ᠰᠢᠯᠭᠠᠷᠠᠭᠤᠯᠪᠠ᠃ | ᠳᠠᠷᠠᠭ᠎ᠠ ᠨᠢ᠂ 5 ᠬᠠᠮᠤᠭ ᠤᠨ ᠰᠢᠯᠢᠳᠡᠭ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠦᠢᠯᠡᠴᠢᠯᠡᠭᠡᠨ ᠤ | ᠲᠦᠷᠦᠯ ᠲᠡᠮᠳᠡᠭ᠂ ᠠᠷᠪᠠᠨ ᠰᠢᠯᠢᠳᠡᠭ ᠬᠠᠮᠲᠤ ᠪᠠᠷ ᠪᠠᠶᠢᠭᠤᠯᠬᠤ ᠲᠥᠷᠥᠯ ᠵᠦᠢᠯ ᠪᠠ ︽ᠴᠢᠳᠠᠪᠤᠷᠢ ᠶᠢᠨ | ᠮᠥᠷᠦ᠋ᠢᠴᠡᠭᠡᠨ︾ ᠤ ᠡᠮᠦᠨ᠎ᠡ ᠨᠡᠷ᠎ᠡ ᠳᠤ ᠲᠤᠳᠤᠷᠠᠬᠰᠠᠨ ᠳᠤ ᠱᠠᠩᠨᠠᠯ ᠭᠠᠷᠳᠠᠭᠤᠯᠪᠠ᠃ | ᠣᠶᠢᠷ᠎ᠠ ᠶᠢᠨ ᠵᠢᠯ ᠠᠴᠠ ᠨᠠᠭᠠᠰᠢ᠂ ᠮᠠᠨ ᠤ ᠬᠤᠰᠢᠭᠤ ᠬᠤᠲᠠ ᠶᠢᠨ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢ ᠴᠢᠩᠭᠠᠳᠬᠠᠬᠤ ᠶᠢ ᠬᠤᠲᠠ ᠶᠢᠨ ᠵᠠᠰᠠᠯᠲᠠ ᠪᠠ ᠦᠨᠳᠦᠰᠦᠨ ᠱᠠᠲᠤᠨ ᠤ ᠪᠥᠲᠥᠭᠡᠨ | ᠪᠠᠶᠢᠭᠤᠯᠤᠯᠲᠠ ᠳᠤ ᠲᠤᠭᠤᠰᠢᠯᠠᠭᠤᠯᠬᠤ ᠬᠤᠷᠢᠭ᠎ᠠ ᠱᠤᠭᠤᠮ ᠪᠣᠯᠭᠠᠬᠤ ᠶᠢ ᠪᠠᠷᠢᠮᠲᠠᠯᠠᠵᠤ᠂ ︽ᠨᠢᠭᠡ ᠲᠥᠪ ᠣᠯᠠᠨ | ᠡᠰᠢᠲᠦ︾᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠠᠵᠢᠯ ᠤᠨ ᠣᠶᠢᠯᠠᠭᠠᠭᠳᠠᠬᠤᠨ ᠢ | ᠪᠠᠷᠢᠮᠲᠠᠯᠠᠵᠤ᠂ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠷᠪᠠᠨ ᠶᠡᠭᠡ ᠰᠡᠳᠬᠢᠯ ᠢ | ᠳᠤᠯᠠᠭᠠᠴᠠᠭᠤᠯᠬᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠨᠠᠮ ᠤᠨ ᠪᠠᠶᠢᠭᠤᠯᠤᠯᠲᠠ ᠪᠠᠷ ᠦᠨᠳᠦᠰᠦᠨ | ᠱᠠᠲᠤᠨ ᠤ ᠵᠠᠰᠠᠯᠲᠠ ᠳᠤ ᠲᠤᠭᠤᠰᠢᠯᠠᠭᠤᠯᠵᠦ᠂ ᠦᠨᠳᠦᠰᠦᠨ ᠱᠠᠲᠤᠨ ᠤ ᠵᠠᠰᠠᠯᠲᠠ ᠶᠢ ᠪᠠᠲᠤᠯᠠᠵᠤ᠂ ᠦᠨᠳᠦᠰᠦᠨ | ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠵᠤ᠂ ᠪᠥᠬᠦ ᠬᠤᠰᠢᠭᠤᠨ ᠤ ᠬᠤᠲᠠ ᠶᠢᠨ ᠦᠨᠳᠦᠰᠦᠨ ᠱᠠᠲᠤᠨ ᠤ | ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠪᠡ᠃ | ᠲᠤᠰ ᠤᠳᠠᠭᠠᠨ ᠤ ᠤᠷᠤᠯᠳᠤᠭᠠᠨ ᠨᠢ ︽ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠵᠤ᠂ | ᠲᠡᠷᠢᠭᠦᠨ ᠤ ᠬᠢ ᠪᠣᠯᠬᠤ ᠪᠠᠷ ᠪᠥᠬᠦ ᠲᠠᠯ᠎ᠠ ᠪᠠᠷ ᠲᠡᠮᠡᠴᠡᠬᠦ︾ ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ | ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠠᠮ ᠤᠨ ᠪᠠᠶᠢᠭᠤᠯᠤᠯᠲᠠ᠂ ᠵᠠᠰᠠᠯᠲᠠ᠂ | ᠦᠢᠯᠡᠴᠢᠯᠡᠭᠡᠨ ᠤ ᠴᠢᠳᠠᠪᠤᠷᠢ᠂ ᠣᠯᠠᠨ ᠲᠦᠮᠡᠨ ᠤ ᠰᠡᠳᠬᠢᠯ ᠬᠠᠨᠤᠮᠵᠢ ᠶᠢᠨ ᠬᠡᠮᠵᠢᠶ᠎ᠡ᠂ ᠨᠠᠮ ᠤᠨ | ᠪᠠᠶᠢᠭᠤᠯᠤᠯᠲᠠ ᠶᠢᠨ ᠦᠢᠯᠡᠴᠢᠯᠡᠭᠡᠨ ᠤ ᠨᠠᠷᠠᠲᠤ ᠲᠡᠮᠳᠡᠭ ᠤᠨ ᠪᠠᠶᠢᠭᠤᠯᠤᠯᠲᠠ ᠶᠢᠨ ᠦᠷ᠎ᠡ ᠪᠦᠲᠦᠮᠵᠢ᠂ ᠦᠨᠳᠦᠰᠦᠨ | ᠱᠠᠲᠤᠨ ᠤ ᠵᠠᠰᠠᠯᠲᠠ ᠶᠢᠨ ᠦᠨᠳᠤᠰᠤᠨ ᠪᠠᠲᠤᠯᠠᠭ᠎ᠠ ᠶᠢᠨ ᠬᠢᠷᠢ ᠲᠦᠪᠰᠢᠨ ᠵᠡᠷᠭᠡ ᠶᠢ ᠠᠳᠬᠤᠬᠤ ᠪᠠᠷ ᠠᠭᠤᠯᠭ᠎ᠠ ᠪᠠᠨ | ᠪᠣᠯᠭᠠᠵᠤ᠂ ᠣᠨ ᠤ ᠬᠢᠨᠠᠨ ᠰᠢᠯᠭᠠᠯᠲᠠ᠂ ᠲᠤᠬᠠᠶ ᠶᠢᠨ ᠭᠠᠵᠠᠷ ᠲᠤ ᠨᠢ ᠲᠣᠭᠤᠷᠢᠨ ᠦᠵᠡᠬᠦ᠂ ᠰᠡᠳᠤᠪ ᠬᠠᠷᠢᠭᠤᠯᠬᠤ | ᠂ ᠬᠠᠮᠲᠤ ᠪᠠᠷ ᠥᠷᠢᠰᠥᠯᠳᠦᠬᠦ ᠵᠡᠷᠭᠡ 4 ᠭᠤᠭᠴᠤᠭ᠎ᠠ ᠶᠢ ᠦᠨᠳᠦᠰᠦᠯᠡᠨ᠂ 10 ᠰᠢᠯᠢᠳᠡᠭ ᠨᠡᠶᠢᠭᠡᠮ ᠲᠣᠭᠤᠷᠢᠭ ᠤᠨ | ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ ᠰᠢᠯᠭᠠᠷᠠᠭᠤᠯᠤᠨ ᠭᠠᠷᠭᠠᠵᠤ ︽ᠴᠢᠳᠠᠪᠤᠷᠢ ᠶᠢᠨ ᠮᠥᠷᠦ᠋ᠢᠴᠡᠭᠡᠨ︾ | ᠤ ᠬᠤᠶᠠᠳᠠᠬᠢ ᠤᠷᠤᠯᠳᠤᠭᠠᠨ ᠳᠤ ᠣᠷᠣᠯᠴᠠᠭᠤᠯᠪᠠ᠃ ᠲᠣᠰ ᠤᠳᠠᠭᠠᠨ ᠤ ᠠᠵᠢᠯᠯᠠᠭ᠎ᠠ ᠪᠣᠯ ᠬᠤᠲᠠ ᠶᠢᠨ ᠨᠠᠮ ᠤᠨ | ᠬᠤᠷᠢᠶᠠᠨ ᠤ ︽ᠲᠡᠷᠢᠭᠦᠨ ᠤ ᠬᠢ ᠪᠠᠷ ᠪᠠᠷᠢᠮᠵᠢᠶᠠᠯᠠᠵᠤ ᠨᠡᠬᠡᠨ ᠲᠠᠪᠠᠭ᠋ᠤ︾ ᠠᠵᠢᠯ ᠤᠨ ᠱᠠᠭᠠᠷᠳᠠᠯᠭ᠎ᠠ ᠶᠣᠰᠣᠭᠠᠷ᠂ ︽ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠰᠢᠨ᠎ᠡ ᠶᠢ ᠡᠭᠦᠳᠦᠨ | ᠳᠡᠭᠡᠭᠰᠢᠯᠡᠭᠦᠯᠬᠦ︾ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠨᠠᠮ ᠤᠨ ᠪᠠᠶᠢᠭᠤᠯᠤᠯᠲᠠ ᠪᠠᠷ ᠬᠤᠲᠠ ᠶᠢᠨ | ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠶᠢ ᠡᠭᠦᠳᠦᠨ ᠬᠥᠭᠵᠢᠬᠦ ᠶᠢ ᠬᠥᠲᠥᠯᠥᠨ ᠳᠠᠭᠠᠭᠤᠯᠬᠤ ᠴᠢᠬᠤᠯᠠ | ᠠᠴᠢᠶᠠᠯᠠᠪᠤᠷᠢ ᠪᠠᠶᠢᠵᠤ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠳᠤ ᠬᠠᠷᠢᠯᠴᠠᠨ | ᠰᠤᠷᠤᠯᠴᠠᠬᠤ᠂ ᠬᠠᠷᠢᠯᠴᠠᠨ ᠰᠣᠯᠢᠯᠴᠠᠬᠤ ᠲᠠᠪᠴᠠᠩ ᠢ ᠪᠠᠶᠢᠭᠤᠯᠵᠤ ᠥᠭᠴᠡᠶ᠃ | | | | | | | |