| ᠮᠠᠨ ᠤ ᠬᠤᠰᠢᠭᠤᠨ ᠤ ︽ᠤᠯᠠᠨ ᠦᠨᠡᠯᠡᠯᠳᠡ ᠂ ᠨᠢᠭᠡ ᠲᠠᠪᠴᠠᠩ ᠢᠶᠠᠷ ᠬᠦᠢᠴᠡᠳᠬᠡᠬᠦ︾ ᠲᠣᠭᠠᠴᠢᠯᠠᠭᠰᠠᠨ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠠᠪᠴᠠᠩ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ | ᠬᠤᠷᠠᠯᠳᠤᠵᠦ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶᠠᠨ ᠤ ᠱᠦᠵᠢ ᠶᠠᠨ ᠼᠠᠢ ᠢᠦᠶ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠤᠰᠢᠭᠤ ᠳᠡᠳ᠋ ᠳᠠᠷᠤᠭ᠎ᠠ ᠸᠠᠩ ᠵᠢᠶᠧ᠂ ᠬᠤᠰᠢᠭᠤ ᠳᠡᠳ᠋ ᠳᠠᠷᠤᠭ᠎ᠠ ᠵᠧᠤ ᠯᠢ ᠮᠢᠩ ᠵᠢᠴᠢ ᠡᠯ᠎ᠡ ᠪᠠᠯᠭᠠᠰᠤ᠂ ᠡᠯ᠎ᠡ | ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠠᠴᠠ ︽ᠤᠯᠠᠨ ᠦᠨᠡᠯᠡᠯᠳᠡ ᠂ ᠨᠢᠭᠡ ᠲᠠᠪᠴᠠᠩ ᠢᠶᠠᠷ ᠬᠦᠢᠴᠡᠳᠬᠡᠬᠦ︾ ᠲᠠᠪᠴᠠᠩ ᠤᠨ ᠲᠥᠷᠥᠯ | ᠵᠦᠢᠯ ᠤᠨ ᠠᠬᠢᠴᠠ ᠶᠢᠨ ᠪᠠᠶᠢᠳᠠᠯ ᠢ ᠰᠣᠨᠣᠰᠤᠭᠰᠠᠨ ᠪᠥᠭᠡᠳ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ | ᠲᠠᠶᠢᠯᠪᠤᠷᠢᠯᠠᠪᠠ᠃ | ᠬᠤᠷᠠᠯ ᠠᠴᠠ᠂ ︽ᠤᠯᠠᠨ ᠦᠨᠡᠯᠡᠯᠲᠡ︾ ᠶᠢᠨ ᠲᠠᠪᠴᠠᠩ ᠤᠨ ᠲᠦᠷᠦᠯ ᠵᠦᠢᠯ ᠪᠣᠯ ᠬᠤᠳᠠ ᠶᠢᠨ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠬᠦ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠰᠠᠭᠤᠷᠢᠯᠠᠵᠤ ᠭᠠᠷᠭᠠᠭᠰᠠᠨ | ᠴᠢᠬᠤᠯᠠ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠠᠶᠢᠵᠦ᠂ ᠪᠦᠬᠦ ᠬᠤᠳᠠ ᠶᠢᠨ ᠬᠡᠪᠴᠢᠶᠡᠨ ᠳᠤ | ᠳᠡᠯᠭᠡᠷᠡᠭᠦᠯᠦᠨ ᠬᠡᠷᠡᠭᠯᠡᠬᠦ ᠲᠠᠪᠴᠠᠩ ᠪᠣᠯᠤᠨ᠎ᠠ᠃ ᠡᠯ᠎ᠡ ᠪᠠᠯᠭᠠᠰᠤ᠂ ᠡᠯ᠎ᠡ ᠬᠤᠯᠪᠤᠬᠳᠠᠯ ᠪᠥᠬᠦᠶ ᠰᠠᠯᠠᠭ᠎ᠠ ᠮᠥᠴᠢᠷ | ᠦᠵᠡᠯ ᠰᠠᠨᠠᠭ᠎ᠠ ᠪᠠᠨ ᠦᠳᠲᠡᠷ ᠲᠦᠷᠭᠡᠨ ᠨᠢᠭᠡᠳᠬᠡᠵᠦ᠂ ᠤᠯᠤᠰ ᠲᠥᠷᠥ ᠶᠢ ᠡᠷᠬᠢᠮᠯᠡᠬᠦ ᠦᠨᠳᠦᠷᠴᠡ ᠳᠤ ᠵᠣᠭᠰᠣᠨ᠂ | ᠲᠥᠷᠥᠯ ᠵᠦᠢᠯ ᠢ ᠳᠡᠯᠭᠡᠷᠡᠭᠦᠯᠦᠨ ᠬᠡᠷᠡᠭᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ | ᠨᠠᠶᠢᠳᠠᠪᠤᠷᠢᠵᠢᠭᠤᠯᠵᠤ᠂ ᠲᠥᠷᠥᠯ ᠵᠦᠢᠯ ᠢ ᠳᠡᠯᠭᠡᠷᠡᠭᠦᠯᠦᠨ ᠬᠡᠷᠡᠭᠯᠡᠬᠦ ᠡᠯ᠎ᠡ ᠵᠦᠢᠯ ᠤᠨ ᠡᠭᠦᠷᠭᠡ ᠶᠢ ᠱᠠᠭᠠᠷᠳᠠᠯᠭ᠎ᠠ | ᠶᠣᠰᠣᠭᠠᠷ᠂ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ᠠᠵᠢᠯ ᠢᠶᠠᠨ ᠦᠳᠲᠡᠷ | ᠲᠦᠷᠭᠡᠨ ᠥᠷᠨᠢᠭᠦᠯᠵᠦ᠂ ᠠᠵᠢᠯ ᠤᠨ ᠡᠭᠦᠷᠭᠡ ᠪᠠᠨ ᠨᠠᠷᠢᠯᠢᠭᠵᠢᠭᠤᠯᠤᠨ᠂ ᠠᠵᠢᠯ ᠤᠨ ᠠᠷᠭ᠎ᠠ ᠬᠡᠮᠵᠢᠶ᠎ᠡ ᠪᠠᠨ | ᠴᠢᠩᠭᠠᠳᠬᠠᠵᠤ᠂ ᠲᠥᠷᠥᠯ ᠵᠦᠢᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠦᠨᠡᠨ ᠬᠦ ᠴᠢᠩᠭ᠎ᠠ ᠪᠣᠳᠠᠲᠠᠶ ᠠᠳᠬᠤᠵᠤ᠂ | ᠦᠷ᠎ᠡ ᠪᠦᠲᠦᠮᠵᠢ ᠭᠠᠷᠭᠠᠬᠤ ᠬᠡᠷᠡᠭᠲᠡᠶ᠃ ᠬᠠᠷᠢᠭᠤᠴᠠᠯᠭ᠎ᠠ ᠪᠠᠨ ᠲᠦᠷᠭᠡᠨ ᠨᠠᠶᠢᠳᠠᠪᠤᠷᠢᠵᠢᠭᠤᠯᠵᠤ᠂ ᠲᠤᠰ ᠲᠤᠰ ᠤᠨ | ᠡᠭᠦᠷᠭᠡ ᠴᠢᠳᠠᠪᠬᠢ ᠶᠢᠨ ᠦᠢᠯᠡᠳᠦᠯ ᠢᠶᠠᠨ ᠪᠦᠬᠦ ᠲᠠᠯ᠎ᠠ ᠪᠠᠷ ᠪᠠᠳᠠᠷᠠᠭᠤᠯᠵᠤ᠂ ᠠᠵᠢᠯ ᠤᠨ ᠲᠤᠰᠢᠶᠠᠯ | ᠬᠠᠷᠢᠭᠤᠴᠠᠯᠭ᠎ᠠ ᠶᠢᠨ ᠲᠣᠭᠤᠷᠢᠨ ᠳᠤ᠂ ᠡᠯ᠎ᠡ ᠵᠦᠢᠯ ᠤᠨ ᠡᠭᠦᠷᠭᠡ ᠶᠢ ᠵᠤᠷᠪᠤᠰ ᠳᠠᠷᠠᠭᠠᠯᠠᠨ ᠡᠮᠬᠢᠯᠡᠵᠦ᠂ ᠠᠵᠢᠯ ᠤᠨ | ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠵᠢᠷᠤᠭ ᠡᠯᠭᠦᠨ ᠪᠠᠶᠢᠯᠳᠤᠵᠤ᠂ ᠠᠵᠢᠯ ᠤᠨ ᠠᠬᠢᠴᠠ ᠪᠠᠨ | ᠲᠦᠷᠭᠡᠳᠬᠡᠨ᠂ ᠠᠯᠢ ᠲᠦᠷᠭᠡᠨ ᠢᠶᠠᠷ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠪᠡ᠃ | | | | | | |