ᠮᠠᠨ ᠤ ᠬᠤᠰᠢᠭᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭᠠᠨ ᠤ 70 ᠵᠢᠯ ᠤᠨ ᠣᠶ ᠶᠢ ᠳᠤᠷᠠᠰᠬᠠᠬᠤ ᠵᠢᠴᠢ ᠪᠥᠬᠦ ᠤᠯᠤᠰ ᠤᠨ ᠭᠤᠴᠢᠨ ᠳᠥᠷᠪᠡᠳᠡᠬᠢ ᠤᠳᠠᠭᠠᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠠᠵᠢᠯᠯᠠᠭ᠎ᠠ ᠶᠢ ᠡᠬᠢᠯᠡᠬᠦᠯᠪᠡ
ᠨᠡᠶᠢᠲᠡᠯᠡᠭᠰᠡᠨ ᠴᠠᠭ᠄
2022/10/31
     ᠤᠶᠢᠷ᠎ᠠ ᠳᠤ᠂ ᠮᠠᠨ ᠤ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭᠠᠨ ᠤ 70 ᠵᠢᠯ ᠤᠨ ᠣᠶ ᠶᠢ ᠳᠤᠷᠠᠰᠬᠠᠬᠤ ᠵᠢᠴᠢ ᠪᠥᠬᠦ ᠤᠯᠤᠰ ᠤᠨ ᠭᠤᠴᠢᠨ ᠳᠥᠷᠪᠡᠳᠡᠬᠢ ᠤᠳᠠᠭᠠᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠠᠵᠢᠯᠯᠠᠭᠠᠨ ᠤ ᠡᠬᠢᠯᠡᠯᠲᠡ ᠶᠢᠨ ᠶᠣᠰᠣᠯᠠᠯ ᠠᠮᠤᠭᠤᠯᠠᠩ ᠨᠡᠶᠢᠭᠡᠮ ᠲᠣᠭᠤᠷᠢᠭ ᠲᠤ ᠶᠠᠪᠤᠬᠳᠠᠪᠠ᠃      ᠲᠣᠰ ᠤᠳᠠᠭᠠᠨ ᠤ ᠠᠵᠢᠯᠯᠠᠭ᠎ᠠ ᠨᠢ ︽ᠪᠣᠯᠪᠠᠰᠤᠨ ᠡᠷᠡᠭᠦᠯ ᠮᠡᠨᠳᠦ᠂ ᠪᠣᠬᠢᠷᠲᠤᠯ ᠥᠬᠡᠶ ᠣᠷᠴᠢᠨ ᠲᠣᠭᠤᠷᠢᠨ ᠤ ᠬᠠᠮᠠᠭᠠᠯᠠᠯᠲᠠ︾᠎ ᠪᠠᠷ ᠭᠤᠤᠯ ᠰᠡᠳᠦᠪ ᠪᠣᠯᠭᠠᠵᠤ᠂ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠱᠠᠩᠨᠠᠯᠲᠤ ᠮᠡᠳᠡᠯᠭᠡ ᠶᠢᠨ ᠠᠰᠠᠭᠤᠯᠲᠠ ᠬᠠᠷᠢᠭᠤᠯᠲᠠ ᠵᠡᠷᠭᠡ ᠤᠬᠠᠭᠤᠯᠭ᠎ᠠ ᠶᠢᠨ ᠠᠵᠢᠯᠯᠠᠭ᠎ᠠ ᠪᠣᠯᠤᠨ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ᠂ ᠠᠯᠪᠠᠨ ᠵᠢᠷᠤᠮ ᠤᠨ ᠡᠮᠴᠢᠯᠡᠭᠡ᠂ ᠠᠯᠪᠠᠨ ᠵᠢᠷᠤᠮ ᠤᠨ ᠦᠰᠦ ᠵᠠᠰᠠᠬᠤ ᠵᠡᠷᠭᠡ ᠦᠢᠯᠡᠴᠢᠯᠡᠭᠡ ᠶᠢ ᠥᠷᠨᠢᠭᠦᠯᠬᠦ ᠪᠠᠷ ᠳᠠᠮᠵᠢᠭᠤᠯᠤᠨ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠪᠣᠯᠪᠠᠰᠤᠨ ᠡᠷᠡᠭᠦᠯ ᠪᠣᠬᠢᠷᠲᠤᠯ ᠥᠬᠡᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠮᠢᠳᠤᠷᠠᠯ ᠤᠨ ᠠᠷᠭ᠎ᠠ ᠬᠡᠯᠪᠡᠷᠢ ᠶᠢ ᠬᠥᠮᠦᠵᠢᠭᠦᠯᠦᠨ ᠦᠢᠯᠡᠳᠦᠯᠭᠡᠵᠢᠬᠦᠯᠵᠦ᠂ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠨᠡᠶᠢᠭᠡᠮ ᠤᠨ ᠶᠡᠭᠡ ᠰᠡᠷᠭᠡᠶᠢᠯᠡᠯᠲᠡ ᠶᠢᠨ ᠱᠤᠭᠤᠮ ᠢ ᠪᠠᠲᠤ ᠴᠤᠭᠴᠠᠯᠠᠭᠰᠠᠨ ᠪᠠᠶᠢᠨ᠎ᠠ᠃   ᠣᠶᠢᠷ᠎ᠠ ᠶᠢᠨ ᠵᠢᠯ ᠳᠤ᠂ ᠮᠠᠨ ᠤ ᠬᠤᠰᠢᠭᠤ ᠠᠷᠠᠳ ᠲᠦᠮᠡᠨ ᠤ ᠡᠷᠡᠭᠦᠯ ᠮᠡᠨᠳᠦ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭᠠᠨ ᠤ ᠰᠢᠯᠢᠳᠡᠭ ᠤᠯᠠᠮᠵᠢᠯᠠᠯ ᠢ ᠪᠠᠳᠠᠷᠠᠭᠤᠯᠬᠤ ᠶᠢ ᠢᠮᠠᠭᠲᠠ ᠪᠠᠷᠢᠮᠲᠠᠯᠠᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭ᠎ᠠ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠬᠤ᠂ ᠬᠤᠲᠠ ᠬᠥᠳᠡᠭᠡ ᠶᠢᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠣᠯᠠᠨ ᠲᠦᠮᠡᠨ ᠤ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ᠂ ᠨᠡᠶᠢᠭᠡᠮ ᠤᠨ ᠡᠷᠡᠭᠦᠯ ᠮᠡᠨᠳᠦ ᠶᠢ ᠶᠡᠷᠦᠩᠬᠡᠶᠢᠯᠡᠨ ᠵᠠᠰᠠᠬᠤ ᠴᠢᠳᠠᠪᠤᠷᠢ ᠶᠢ ᠴᠢᠩᠭᠠᠳᠬᠠᠬᠤ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠦᠷ᠎ᠡ ᠪᠦᠲᠦᠮᠵᠢ ᠪᠠ ᠪᠦᠲᠦᠭᠡᠯᠴᠢ ᠴᠢᠨᠠᠷᠲᠠᠶ ᠠᠵᠢᠯ ᠬᠢᠵᠡᠶ᠃ 2006 ᠣᠨ ᠳᠤ᠂ ᠮᠠᠨ ᠤ ᠬᠤᠰᠢᠭᠤ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠠᠮᠵᠢᠯᠲᠠ ᠲᠠᠢ ᠡᠭᠦᠳᠦᠨ ᠪᠠᠶᠢᠭᠤᠯᠤᠭᠰᠠᠨ ᠪᠥᠭᠡᠳ ᠤᠯᠤᠰ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠯᠪᠠᠨ ᠬᠡᠷ ᠤᠨ ᠳᠠᠬᠢᠨ ᠬᠢᠨᠠᠠ ᠰᠢᠯᠭᠠᠯᠳᠠ ᠶᠢ ᠤᠷᠢᠳ ᠬᠤᠵᠢᠳ ᠳᠥᠷᠪᠡ ᠤᠳᠠᠭ᠎ᠠ ᠥᠨᠳᠥᠷ ᠲᠦᠪᠰᠢᠨ ᠢᠶᠠᠷ ᠥᠩᠭᠡᠷᠡᠭᠡᠪᠡ᠃            
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号