| ᠡᠵᠡᠨ ᠬᠤᠷᠤᠭ᠎ᠠ ᠬᠤᠰᠢᠭᠤ ᠲᠠᠪᠤᠳᠤᠭᠠᠷ ᠬᠤᠭᠤᠴᠠᠭᠠᠨ ᠤ ᠶᠣᠰᠣ ᠰᠤᠷᠲᠠᠬᠤᠨ ᠤ ᠵᠢᠱᠢᠶᠡᠴᠢ ᠶᠢᠨ | ᠱᠠᠩᠨᠠᠯ ᠤᠯᠭᠤᠬᠤ ᠦᠳᠡᠰᠢᠯᠡᠭᠡ ᠡᠷᠭᠢᠯᠡᠪᠡ᠃ ᠬᠤᠸᠠ ᠷᠦᠢ ᠹᠧᠩ᠂ ᠬᠤᠤ ᠶᠦᠩ ᠶᠣᠣ᠂ ᠥ᠋ ᠶᠦᠨ᠂ ᠸᠠᠩ | ᠶᠠᠨ ᠵᠢᠶᠦ᠋ᠨ᠂ ᠲᠢᠶᠠᠨ ᠹᠧᠨ ᠴᠢᠩ ᠵᠡᠷᠭᠡ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ | ᠱᠠᠩᠨᠠᠯ ᠣᠯᠭᠤᠬᠤ ᠦᠳᠡᠰᠢᠯᠡᠭᠡ ᠳᠤ ᠣᠷᠣᠯᠴᠠᠪᠠ᠃ | ᠬᠤᠸᠠ ᠷᠦᠢ ᠹᠧᠩ ᠱᠠᠩᠨᠠᠯ ᠣᠯᠭᠤᠬᠤ ᠦᠳᠡᠰᠢᠯᠡᠭᠡ ᠳᠡᠭᠡᠷ᠎ᠡ ᠪᠠᠶᠠᠷ ᠤᠨ ᠦᠭᠡ ᠬᠡᠯᠡᠭᠰᠡᠨ ᠪᠥᠭᠡᠳ | ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠢ ᠲᠥᠯᠥᠭᠡᠯᠡᠨ ᠬᠥᠬᠢᠭᠦᠯᠦᠭᠳᠡᠨ ᠰᠠᠶᠢᠰᠢᠶᠠᠭᠳᠠᠭᠰᠠᠨ ᠶᠣᠰᠣ | ᠰᠤᠷᠳᠠᠬᠤᠨ ᠤ ᠵᠢᠱᠢᠶᠡᠴᠢ᠂ ᠲᠡᠷᠢᠭᠦᠨ ᠤ ᠲᠥᠯᠥᠭᠡᠯᠡᠭᠴᠢᠳ ᠲᠤ ᠬᠠᠯᠠᠭᠤᠨ ᠪᠠᠶᠠᠷ ᠬᠦᠷᠭᠡᠪᠡ᠃ | ᠬᠤᠸᠠ ᠷᠦᠢ ᠹᠧᠩ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠳᠤ᠂ ᠮᠠᠨ ᠤ ᠬᠤᠰᠢᠭᠤ ᠶᠡᠷᠦᠩᠬᠡᠶ | ᠱᠦᠵᠢ ᠰᠢ ᠶᠢᠨ ᠫᠢᠩ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠲᠤᠬᠠᠶ ᠴᠢᠬᠤᠯᠠ ᠥᠭᠦᠯᠡᠯᠲᠡ ᠶᠢ ᠨᠠᠷᠢᠨ | ᠬᠢᠨᠠᠮᠠᠭᠠᠶ ᠲᠤᠭᠤᠰᠢᠯᠠᠭᠤᠯᠵᠤ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠶᠡᠭᠡ ᠪᠠᠷ | ᠪᠠᠳᠠᠷᠠᠭᠤᠯᠤᠨ᠂ ᠣᠯᠠᠨ ᠲᠦᠮᠡᠨᠴᠢ ᠴᠢᠨᠠᠷᠲᠠᠶ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ | ᠭᠦᠨᠵᠡᠭᠡᠶ ᠥᠷᠨᠢᠭᠦᠯᠵᠦ᠂ ᠶᠣᠰᠣ ᠰᠤᠷᠲᠠᠬᠤᠨ ᠤ ᠵᠢᠱᠢᠶᠡᠴᠢ᠂ ᠬᠠᠮᠤᠭ ᠤᠨ ᠭᠤᠶᠣ ᠬᠥᠮᠦᠨ᠂ ᠳᠡᠷᠭᠡᠳᠡᠬᠢ ᠰᠠᠶᠢᠨ | ᠬᠥᠮᠦᠨ ᠪᠠ ᠪᠣᠯᠪᠠᠰᠤᠨ ᠬᠡᠷ ᠪᠦᠯᠢ ᠶᠢ ᠥᠷᠭᠡᠨ ᠢᠶᠠᠷ ᠰᠣᠩᠭᠤᠨ ᠤᠬᠠᠭᠤᠯᠵᠤ᠂ ᠪᠤᠰᠤᠳ ᠢ ᠬᠠᠪᠰᠤᠷᠬᠤ ᠪᠠᠷ | ᠵᠢᠷᠭᠠᠯ ᠢᠶᠠᠨ ᠪᠣᠯᠭᠠᠭᠰᠠᠨ᠂ ᠦᠨᠡᠨ ᠤ ᠲᠥᠯᠥᠭᠡ ᠡᠷᠡᠯᠬᠡᠭ ᠢᠶᠠᠷ ᠲᠡᠮᠡᠴᠡᠭᠰᠡᠨ᠂ ᠦᠨᠡᠨᠴᠢ ᠢᠲᠡᠭᠡᠮᠵᠢᠲᠡᠶ᠂ | ᠤᠶᠢᠯᠡᠰ ᠢᠶᠠᠨ ᠳᠡᠭᠡᠳᠦᠯᠡᠵᠦ ᠬᠠᠷᠠᠮ ᠦᠬᠡᠢ ᠵᠤᠷᠢᠭᠤᠯᠤᠬᠰᠠᠨ᠂ ᠨᠠᠰᠤᠲᠠᠨ ᠢᠶᠠᠨ ᠠᠴᠢᠯᠠᠵᠦ ᠲᠥᠷᠥᠯ | ᠰᠠᠳᠤᠨ ᠢᠶᠠᠨ ᠬᠠᠶᠢᠷᠠᠯᠠᠭᠰᠠᠨ ᠨᠢᠭᠡ ᠪᠦᠯᠦᠭ ᠵᠢᠱᠢᠶᠡᠴᠢ ᠨᠡᠶᠢᠳᠡᠯᠢᠭ ᠬᠦᠮᠤᠰ ᠴᠣᠯᠭᠤᠷᠠᠨ ᠭᠠᠷᠴᠠᠶ᠃ ᠡᠲᠡᠭᠡᠷ ︽ | ᠳᠡᠷᠭᠡᠳᠡᠬᠢ ᠥᠯᠢᠭᠡᠷ ᠳᠠᠭᠤᠷᠢᠶᠠᠯ︾ ᠨᠢ ᠡᠬᠡᠯ ᠵᠢᠷ ᠤᠨ ᠳᠤᠮᠳᠠ ᠶᠡᠷᠦ ᠪᠤᠰᠤ ᠶᠢᠨ ᠦᠷ᠎ᠡ ᠪᠦᠳᠤᠮᠵᠢ ᠶᠢ ᠡᠬᠦᠳᠴᠤ | ᠂ ᠡᠬᠡᠯ ᠵᠢᠷ ᠤᠨ ᠳᠤᠮᠳᠠ ᠬᠡᠷᠡᠯ ᠭᠢᠯᠪᠠᠭ᠎ᠠ ᠪᠠᠨ ᠰᠠᠴᠤᠷᠠᠭᠤᠯᠵᠤ ᠪᠠᠶᠢᠨ᠎ᠠ᠂ ᠲᠠᠳᠠ ᠪᠣᠯ ᠡᠵᠡᠨ ᠬᠤᠷᠤᠭ᠎ᠠ ᠶᠢᠨ | ᠴᠢᠨᠠᠷ ᠰᠠᠶᠢᠲᠠᠶ ᠬᠥᠭᠵᠢᠯᠲᠡ ᠶᠢᠨ ᠵᠠᠮ ᠳᠡᠭᠡᠷᠡᠬᠢ ᠬᠠᠮᠤᠭ ᠤᠨ ᠬᠠᠯᠠᠭᠤᠨ ᠳᠤᠯᠠᠭᠠᠨ ᠬᠦᠴᠦᠨ ᠴᠢᠳᠠᠯ ᠮᠥᠨ᠃ | ᠬᠤᠸᠠ ᠷᠦᠢ ᠹᠧᠩ ᠴᠢᠬᠤᠯᠠᠴᠢᠯᠠᠭᠰᠠᠨ ᠨᠢ᠂ ᠣᠳᠣᠬᠠᠨ ᠳᠤ᠂ ᠪᠥᠬᠦ ᠬᠤᠰᠢᠭᠤ ᠪᠠᠷ ᠢᠶᠠᠨ ᠴᠤᠭ | ᠪᠠᠳᠠᠷᠠᠩᠭᠤᠶ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠬᠤᠲᠠ ᠬᠥᠳᠡᠭᠡ ᠶᠢᠨ ᠠᠭᠤᠰᠤᠯᠴᠠᠨ ᠵᠣᠬᠢᠴᠠᠩᠭᠤᠶ | ᠬᠥᠭᠵᠢᠬᠦ ᠶᠢ ᠯᠠᠪᠳᠠᠭᠤᠨ ᠪᠠᠲᠤᠲᠠᠶ ᠠᠬᠢᠭᠤᠯᠤᠨ᠂ ᠪᠥᠬᠦ ᠤᠯᠤᠰ ᠤᠨ ᠰᠢᠶᠠᠨ ᠤ ᠱᠠᠲᠤᠨ ᠤ ᠪᠣᠯᠪᠠᠰᠤᠨ ᠬᠤᠲᠠ ᠶᠢ | ᠪᠥᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠵᠤ᠂ ᠬᠥᠬᠢᠭᠦᠯᠦᠭᠳᠡᠨ ᠰᠠᠶᠢᠰᠢᠶᠠᠭᠳᠠᠭᠰᠠᠨ ᠶᠣᠰᠣ ᠰᠤᠷᠲᠠᠬᠤᠨ ᠤ | ᠵᠢᠱᠢᠶᠡᠴᠢ ᠪᠣᠯᠤᠨ ᠲᠡᠷᠢᠭᠦᠨ ᠤ ᠲᠥᠯᠥᠭᠡᠯᠡᠭᠴᠢᠳ ᠢᠷᠠᠭᠤ ᠠᠯᠳᠠᠷ ᠢᠶᠠᠨ ᠨᠠᠨᠳᠢᠩᠨᠠᠨ᠂ ᠦᠷᠬᠦᠯᠵᠢᠯᠡᠨ ᠴᠢᠷᠮᠠᠶᠢᠵᠤ | ᠂ ᠲᠤᠰ ᠲᠤᠰ ᠤᠨ ᠢᠶᠠᠨ ᠬᠦᠷᠢᠶᠡᠨ ᠳᠤ ᠲᠦᠷᠦᠭᠦᠯᠡᠨ ᠵᠢᠱᠢᠶ᠎ᠡ ᠦᠵᠡᠭᠦᠯᠬᠦ ᠦᠢᠯᠡᠳᠦᠯ ᠢᠶᠠᠨ ᠦᠷᠭᠦᠯᠵᠢᠯᠡᠨ | ᠰᠠᠶᠢᠲᠤᠷ ᠪᠠᠳᠠᠷᠠᠭᠤᠯᠬᠤ ᠶᠢ ᠬᠦᠰᠡᠵᠦ ᠪᠠᠶᠢᠨ᠎ᠠ︔ ᠡᠯ᠎ᠡ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠲᠥᠷᠥ ᠶᠢᠨ | ᠪᠣᠳᠣᠯᠭ᠎ᠠ ᠶᠢᠨ ᠪᠠᠲᠤᠯᠠᠭ᠎ᠠ᠂ ᠪᠠᠯᠠ ᠮᠥᠩᠭᠦ ᠶᠢᠨ ᠳᠡᠮᠵᠢᠯᠭᠡ᠂ ᠰᠠᠶᠢᠨ ᠳᠤᠷ᠎ᠠ ᠶᠢᠨ ᠤᠶᠢᠯᠡᠴᠢᠯᠡᠭᠡ ᠵᠡᠷᠭᠡ ᠡᠯ᠎ᠡ | ᠵᠤᠶᠢᠯ ᠤᠨ ᠠᠵᠢᠯ ᠢ ᠰᠠᠶᠢᠲᠤᠷ ᠠᠳᠬᠤᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠰᠢᠨ᠎ᠡ ᠰᠤᠷᠲᠠᠯ ᠢ ᠪᠥᠬᠦ | ᠨᠡᠶᠢᠭᠡᠮ ᠤᠨ ᠠᠵᠢᠯᠯᠠᠭᠠᠨ ᠤ ᠤᠬᠠᠮᠰᠠᠷ ᠪᠣᠯᠭᠠᠬᠤ ᠶᠢ ᠠᠬᠢᠭᠤᠯᠬᠤ ᠶᠢ ᠬᠦᠰᠡᠵᠦ ᠪᠠᠶᠢᠨ᠎ᠠ︔ ᠥᠷᠭᠡᠨ ᠤᠯᠠᠨ ᠺᠠᠳ᠋ᠷ | ᠤᠯᠠᠨ ᠲᠦᠮᠡᠨ ᠲᠡᠷᠢᠬᠦᠨ ᠤ ᠬᠦᠮᠤᠰ ᠢᠶᠠᠷ ᠢᠷᠠᠭᠤ ᠠᠯᠳᠠᠷ ᠢᠶᠠᠨ ᠪᠣᠯᠭᠠᠵᠤ᠂ ᠵᠢᠱᠢᠶᠡᠴᠢ ᠠᠴᠠ ᠲᠠᠭᠠᠨ | ᠰᠤᠷᠤᠯᠴᠠᠵᠦ᠂ ᠡᠷᠬᠢᠮ ᠳᠡᠭᠡᠳᠦ ᠶᠣᠰᠣ ᠰᠤᠷᠲᠠᠬᠤᠨ ᠤ ᠦᠢᠯᠡᠳᠦᠯᠭᠡᠵᠢᠭᠦᠯᠦᠭᠴᠢ᠂ ᠪᠣᠯᠪᠠᠰᠤᠨ ᠬᠡᠪ ᠰᠤᠷᠲᠠᠯ ᠤᠨ | ᠬᠠᠮᠠᠭᠠᠯᠠᠭᠴᠢ᠂ ᠰᠠᠶᠢᠨ ᠰᠠᠶᠢᠬᠠᠨ ᠠᠮᠢᠳᠤᠷᠠᠯ ᠤᠨ ᠡᠭᠦᠳᠦᠨ ᠪᠦᠲᠦᠭᠡᠭᠴᠢ ᠪᠣᠯᠬᠤ ᠪᠠᠷ ᠴᠢᠷᠮᠠᠶᠢᠬᠤ ᠶᠢ ᠬᠦᠰᠡᠵᠦ | ᠪᠠᠶᠢᠨ᠎ᠠ ᠭᠡᠯᠡ᠃ | ᠱᠠᠩᠨᠠᠯ ᠣᠯᠭᠤᠬᠤ ᠦᠳᠡᠰᠢᠯᠡᠭᠡ ᠨᠢ ︽ᠬᠠᠮᠤᠭ ᠤᠨ ᠭᠤᠶᠣ ᠬᠥᠮᠦᠨ︾᠂ ︽ᠳᠡᠷᠭᠡᠳᠡᠬᠢ ᠰᠠᠶᠢᠨ ᠬᠥᠮᠦᠨ | ︾᠂ ︽ᠪᠣᠯᠪᠠᠰᠤᠨ ᠬᠡᠷ ᠪᠦᠯᠢ︾᠂ ︽ᠶᠣᠰᠣ ᠰᠤᠷᠲᠠᠬᠤᠨ ᠤ ᠵᠢᠱᠢᠶᠡᠴᠢ︾᠂ ︽ᠰᠢᠨ᠎ᠡ ᠴᠠᠭ ᠦᠶ᠎ᠡ ᠶᠢᠨ ᠰᠠᠶᠢᠨ | ᠪᠠᠭᠠᠴᠤᠳ︾ ᠵᠡᠷᠭᠡ 5 ᠪᠦᠯᠦᠭ ᠢᠶᠠᠷ ᠪᠦᠷᠢᠯᠳᠦᠵᠦ᠂ ᠣᠬᠤᠷ ᠹᠢᠯᠢᠮ ᠦᠵᠡᠬᠦᠯᠬᠦ᠂ ᠲᠤᠬᠠᠶ ᠶᠢᠨ ᠲᠠᠯᠠᠪᠠᠶ ᠳᠤ | ᠰᠤᠷᠪᠤᠯᠵᠢᠯᠠᠭ᠎ᠠ ᠬᠢᠬᠦ᠂ ᠱᠠᠩᠨᠠᠯ ᠤᠨ ᠮᠧᠳᠠᠯ ᠣᠯᠭᠤᠬᠤ᠂ ᠬᠦᠨᠳᠦᠳᠬᠡᠯ ᠳᠡᠪᠰᠢᠭᠦᠯᠬᠦ᠂ ᠤᠷᠠᠨ ᠰᠠᠶᠢᠬᠠᠨ ᠤ | ᠲᠣᠭᠯᠠᠯᠲᠠ ᠭᠠᠷᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ 87 ᠶᠣᠰᠣ ᠰᠤᠷᠲᠠᠬᠤᠨ ᠤ ᠵᠢᠱᠢᠶᠡᠴᠢ ᠪᠣᠯᠤᠨ | ᠲᠡᠷᠢᠭᠦᠨ ᠤ ᠲᠦᠯᠦᠭᠡᠯᠡᠭᠴᠢ ᠶᠢᠨ ᠨᠡᠶᠢᠭᠡᠮ ᠨᠡᠶᠢᠲᠡ ᠶᠢᠨ ᠶᠣᠰᠣ ᠮᠤᠷᠠᠯ᠂ ᠠᠵᠢᠯ ᠮᠡᠷᠭᠡᠵᠢᠯ ᠤᠨ ᠶᠣᠰᠣ ᠮᠣᠷᠠᠯ᠂ | ᠬᠡᠷ ᠪᠦᠯᠢ ᠶᠢᠨ ᠰᠠᠶᠢᠨ ᠰᠠᠶᠢᠬᠠᠨ ᠶᠣᠰᠣ ᠮᠣᠷᠠᠯ ᠪᠣᠯᠤᠨ ᠬᠤᠪᠢ ᠬᠥᠮᠦᠨ ᠤ ᠵᠠᠩ ᠮᠣᠷᠠᠯ ᠢ | ᠤᠶᠢᠯᠡᠳᠤᠯᠭᠡᠵᠢᠬᠦᠯᠦᠭᠰᠡᠨ ᠴᠠᠭ ᠦᠶ᠎ᠡ ᠶᠢᠨ ᠴᠤᠭ ᠵᠢᠪᠬᠤᠭ᠎ᠠ ᠶᠢ ᠳᠠᠬᠢᠨ ᠢᠯᠡᠷᠡᠭᠦᠯᠪᠡ᠃ | ᠡᠵᠡᠨ ᠬᠤᠷᠤᠭ᠎ᠠ ᠬᠤᠰᠢᠭᠤᠨ ᠤ ᠶᠣᠰᠣ ᠰᠤᠷᠲᠠᠬᠤᠨ ᠤ ᠵᠢᠱᠢᠶᠡᠴᠢ ᠶᠢ ᠬᠤᠶᠠᠷ ᠵᠢᠯ ᠳᠤ ᠨᠢᠭᠡ ᠤᠳᠠᠭ᠎ᠠ | ᠰᠢᠯᠭᠠᠷᠠᠭᠤᠯᠵᠤ ᠬᠥᠬᠢᠭᠦᠯᠦᠨ ᠰᠠᠶᠢᠰᠢᠶᠠᠨ᠂ ᠤᠳᠤᠬᠠᠨ ᠪᠣᠯᠲᠠᠯ᠎ᠠ᠂ ᠨᠡᠶᠢᠲᠡ ᠮᠢᠩᠭ᠎ᠠ ᠰᠢᠬᠠᠮ ᠶᠣᠰᠣ | ᠰᠤᠷᠲᠠᠬᠤᠨ ᠤ ᠵᠢᠱᠢᠶᠡᠴᠢ ᠶᠢ ᠰᠢᠯᠭᠠᠷᠠᠭᠤᠯᠪᠠ᠃ ᠡᠲᠡᠭᠡᠷ ᠵᠢᠱᠢᠶᠡᠴᠢ ᠪᠣᠯ ᠶᠣᠰᠣ ᠰᠤᠷᠲᠠᠬᠤᠨ ᠤ | ᠤᠶᠢᠯᠡᠳᠤᠯᠭᠡᠵᠢᠬᠦᠯᠦᠭᠴᠢ᠂ ᠵᠣᠷᠢᠭ ᠰᠠᠨᠠᠭᠠᠨ ᠤ ᠳᠠᠭᠠᠭᠤᠯᠤᠭᠴᠢ᠂ ᠴᠠᠭ ᠦᠶ᠎ᠡ ᠶᠢᠨ ᠡᠷᠡᠯᠬᠡᠭᠯᠡᠨ ᠲᠡᠮᠡᠴᠡᠭᠴᠢ | ᠪᠠᠶᠢᠵᠤ᠂ ᠲᠡᠳᠡᠨ ᠤ ᠲᠡᠷᠢᠭᠦᠨ ᠤ ᠤᠶᠢᠯᠡ ᠠᠵᠢᠯᠯᠠᠭ᠎ᠠ ᠪᠠ ᠡᠷᠬᠢᠮ ᠳᠡᠭᠡᠳᠦ ᠵᠠᠩ ᠴᠢᠨᠠᠷ ᠨᠢ ᠨᠡᠶᠢᠭᠡᠮ ᠵᠢᠷᠤᠮ ᠤᠨ | ᠭᠤᠤᠯᠯᠠᠭᠴᠢ ᠥᠷᠲᠡᠭ ᠤᠨ ᠦᠵᠡᠯᠲᠡ ᠶᠢᠨ ᠪᠠᠶᠠᠯᠢᠭ ᠠᠭᠤᠯᠤᠭᠳᠠᠬᠤᠨ ᠢ ᠠᠮᠢᠳᠤᠯᠢᠭ ᠢᠶᠠᠷ ᠢᠯᠡᠷᠡᠬᠦᠯᠵᠦ᠂ ᠦᠵᠡᠯ | ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ ᠡᠯᠪᠡᠭ ᠪᠠᠶᠠᠯᠢᠭ ᠦᠷ᠎ᠡ ᠪᠦᠲᠦᠭᠡᠯ ᠢ ᠲᠥᠪᠯᠡᠷᠡᠩᠭᠦᠶ | ᠢᠯᠡᠷᠡᠬᠦᠯᠤᠨ᠂ ᠰᠢᠨ᠎ᠡ ᠴᠠᠭ ᠦᠶ᠎ᠡ ᠳᠤ ᠡᠷᠡᠯᠬᠡᠭᠯᠡᠨ ᠲᠡᠮᠡᠴᠡᠬᠦ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ | ᠣᠶᠤᠨ ᠰᠠᠨᠠᠭᠠᠨ ᠤ ᠳᠦᠷᠰᠦ ᠪᠠᠶᠢᠳᠠᠯ ᠢ ᠬᠦᠢᠴᠡᠳ ᠢᠯᠡᠷᠡᠭᠦᠯᠵᠦ᠂ ᠢᠯᠡ ᠲᠣᠳᠣ ᠨᠡᠶᠢᠲᠡᠯᠢᠭ ᠴᠢᠨᠠᠷᠲᠠᠶ ᠵᠢᠱᠢᠶ᠎ᠡ | ᠦᠵᠡᠭᠦᠯᠬᠦ ᠴᠢᠨᠠᠷ ᠪᠠ ᠬᠥᠲᠥᠯᠥᠨ ᠳᠠᠭᠠᠭᠤᠯᠬᠤ ᠬᠦᠴᠦᠨ ᠲᠠᠢ ᠶᠤᠮ᠃ | ᠲᠣᠰ ᠤᠳᠠᠭᠠᠨ ᠤ ᠠᠵᠢᠯᠯᠠᠭ᠎ᠠ ᠶᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ | ᠭᠤᠤᠯᠯᠠᠨ ᠡᠷᠭᠢᠯᠡᠵᠦ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠣᠶᠤᠨ ᠤ ᠪᠣᠯᠪᠠᠰᠤᠨ ᠤ | ᠪᠠᠶᠢᠭᠤᠯᠤᠯᠲᠠ ᠶᠢᠨ ᠵᠥᠪᠯᠡᠯ ᠤᠨ ᠠᠯᠪᠠᠨ ᠬᠡᠷ᠂ ᠬᠠᠮ ᠵᠠᠭᠤᠴᠢᠯᠠᠭᠤᠷ ᠤᠨ ᠲᠥᠪ᠂ ᠰᠣᠶᠣᠯ ᠪᠠ ᠵᠢᠭᠤᠯᠴᠢᠯᠠᠯ ᠤᠨ | ᠲᠣᠪᠴᠢᠶ᠎ᠠ᠂ ᠤᠯᠠᠭᠠᠨᠮᠥ᠋ᠴᠢᠷ ᠵᠡᠷᠭᠡ ᠪᠠᠶᠢᠭᠤᠯᠭ᠎ᠠ ᠨᠢᠭᠡᠴᠡ ᠬᠠᠮᠲᠤᠷᠠᠨ ᠳᠠᠭᠠᠭᠠᠴᠢᠯᠠᠨ ᠡᠷᠭᠢᠯᠡᠪᠡ᠃ | ᠪᠦᠬᠦ ᠬᠤᠰᠢᠭᠤᠨ ᠤ ︽ᠬᠤᠶᠠᠷ ᠬᠤᠷᠠᠯ︾ ᠳᠤ ᠣᠷᠣᠯᠴᠠᠭᠰᠠᠨ ᠠᠷᠠᠳ ᠤᠨ ᠲᠥᠯᠥᠭᠡᠯᠡᠭᠴᠢ ᠪᠠ ᠤᠯᠤᠰ | ᠲᠥᠷᠦ ᠶᠢᠨ ᠵᠥᠪᠯᠡᠯᠭᠡᠨ ᠤ ᠭᠡᠰᠢᠭᠦᠨ᠂ ᠥᠩᠭᠡᠷᠡᠭᠰᠡᠨ ᠤ ᠡᠯ᠎ᠡ ᠱᠠᠲᠤᠨ ᠤ ᠡᠯ᠎ᠡ ᠲᠥᠷᠥᠯ ᠤᠨ ᠲᠡᠷᠢᠭᠦᠨ ᠤ | ᠨᠡᠶᠢᠲᠡᠯᠢᠭ ᠵᠢᠱᠢᠶᠡᠴᠢ᠂ ᠡᠯ᠎ᠡ ᠲᠣᠰᠬᠤᠨ ᠪᠠᠯᠭᠠᠰᠤ ᠨᠡᠶᠢᠭᠡᠮ ᠲᠣᠭᠤᠷᠢᠭ ᠤᠨ ᠣᠯᠠᠨ ᠲᠦᠮᠡᠨ ᠤ ᠲᠥᠯᠥᠭᠡᠯᠡᠭᠴᠢ᠂ | ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠺᠠᠳ᠋ᠷ | ᠠᠵᠢᠯᠲᠠᠨ ᠤ ᠲᠥᠯᠥᠭᠡᠯᠡᠭᠴᠢ ᠱᠠᠩᠨᠠᠯ ᠣᠯᠭᠤᠬᠤ ᠶᠣᠰᠣᠯᠠᠯ ᠳᠤ ᠣᠷᠣᠯᠴᠠᠪᠠ᠃ | | | | | | |