ᠮᠠᠨ ᠤ ᠬᠤᠰᠢᠭᠤ ᠪᠣᠯᠤᠨ ᠵᠢᠶᠠᠩᠰᠦ ᠶᠢᠨ ᠴᠢᠩ ᠨᠸᠡᠭ ᠬᠤᠪᠢ ᠤᠷᠤᠭᠤᠯᠤᠬᠰᠠᠨ ᠺᠣᠮᠫᠠᠨᠢ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2022/10/31
     ᠤᠶᠢᠷ᠎ᠠ ᠳᠤ᠂ ᠮᠠᠨ ᠤ ᠬᠤᠰᠢᠭᠤ ᠪᠣᠯᠤᠨ ᠵᠢᠶᠠᠩᠰᠦ ᠶᠢᠨ ᠴᠢᠩ ᠨᠸᠡᠭ ᠬᠤᠪᠢ ᠤᠷᠤᠭᠤᠯᠤᠬᠰᠠᠨ ᠺᠣᠮᠫᠠᠨᠢ ᠶᠠᠷᠢᠯᠴᠠᠬᠤ ᠬᠤᠷᠠᠯ ᠬᠢᠵᠦ᠂ ᠬᠤᠰᠢᠭᠤ ᠳᠡᠳ᠋ ᠳᠠᠷᠤᠭ᠎ᠠ ᠳ᠋ᠦ᠋ ᠶᠠᠨ ᠪᠢᠨ᠂ ᠵᠢᠶᠠᠩᠰᠦ ᠶᠢᠨ ᠴᠢᠩ ᠨᠸᠡᠭ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠵᠠᠩ ᡂᠢ ᠬᠤᠷᠠᠯ ᠳᠤ ᠰᠠᠭᠠᠳᠠᠵᠦ᠂ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠳ᠋ᠦ᠋ ᠶᠠᠨ ᠪᠢᠨ ᠵᠠᠩ ᡂᠢ ᠨᠡᠷ ᠤᠨ ᠮᠠᠨ ᠤ ᠬᠤᠰᠢᠭᠤᠨ ᠳᠤ ᠪᠠᠯᠠ ᠣᠷᠣᠭᠤᠯᠤᠨ ᠦᠢᠯᠡᠰ ᠪᠤᠰᠬᠠᠬᠤ ᠶᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠮᠠᠨ ᠤ ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ ᠲᠣᠪᠤᠶᠢᠮ᠎ᠠ᠂ ᠣᠷᠣᠨ ᠪᠠᠶᠢᠷᠢ ᠶᠢᠨ ᠨᠥᠬᠦᠴᠡᠯ ᠳᠠᠪᠠᠭᠤᠯᠢᠭ᠂ ᠰᠣᠶᠣᠯ ᠢᠷᠭᠡᠨᠰᠢᠯ ᠤᠨ ᠣᠷᠴᠢᠨ ᠲᠣᠭᠤᠷᠢᠨ ᠰᠠᠶᠢᠨ ᠂ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠬᠦ ᠰᠠᠭᠤᠷᠢ ᠪᠠᠲᠤ᠂ ᠵᠠᠬ᠎ᠠ ᠳᠡᠯᠭᠡᠭᠦᠷ ᠤᠨ ᠢᠷᠡᠭᠡᠳᠦᠶ ᠰᠠᠷᠠᠭᠤᠯ ᠠᠭᠤᠳᠠᠮ ᠪᠠᠶᠢᠨ᠎ᠠ᠃ ᠬᠤᠶᠠᠷ ᠲᠠᠯ᠎ᠠ ᠪᠠᠷ ᠢᠶᠠᠨ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠨᠡᠩ ᠶᠡᠭᠡ ᠬᠡᠪᠴᠢᠶ᠎ᠡ᠂ ᠨᠡᠩ ᠭᠦᠨ ᠳᠠᠪᠬᠤᠷᠭ᠎ᠠ᠂ ᠨᠡᠩ ᠥᠷᠭᠡᠨ ᠬᠦᠷᠢᠶᠡᠨ ᠳᠤ ᠲᠦᠷᠦᠯ ᠵᠦᠢᠯ ᠤᠨ ᠬᠠᠮᠲᠤᠷᠠᠯᠴᠠᠭ᠎ᠠ ᠥᠷᠨᠢᠭᠦᠯᠬᠦ ᠪᠠᠷ ᠴᠢᠷᠮᠠᠶᠢᠵᠤ᠂ ᠣᠷᠣᠨ ᠨᠤᠲᠤᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠬᠦ ᠶᠢ ᠬᠦᠰᠡᠵᠦ ᠪᠠᠶᠢᠨ᠎ᠠ  ᠭᠡᠪᠡ᠃     ᠶᠠᠷᠢᠯᠴᠠᠬᠤ ᠬᠤᠷᠠᠯ ᠳᠤ ᠣᠷᠣᠯᠴᠠᠭᠰᠠᠨ ᠠᠵᠤ ᠠᠬᠤᠶᠢᠯᠠᠯᠲᠠᠳ ᠢᠯᠡᠷᠬᠡᠶᠢᠯᠡᠬᠦ ᠳᠤ ᠪᠠᠨ᠂ ᠮᠡᠷᠭᠡᠵᠢᠯ᠂  ᠲᠦᠷᠦᠯ ᠲᠡᠮᠳᠡᠭ᠂ ᠵᠠᠬ᠎ᠠ ᠳᠡᠯᠭᠡᠭᠦᠷ ᠤᠨ ᠳᠠᠪᠠᠭᠤᠯᠢᠭ ᠢᠶᠠᠨ ᠪᠠᠳᠠᠷᠠᠭᠤᠯᠵᠤ᠂ ᠵᠣᠯᠭᠠᠯᠳᠤᠭᠤᠯᠤᠨ ᠰᠣᠯᠢᠯᠴᠠᠬᠤ ᠪᠠᠨ ᠴᠢᠩᠭᠠᠳᠬᠠᠨ᠂ ᠢᠷᠡᠭᠡᠳᠦᠶ ᠶᠢᠨ ᠬᠠᠮᠲᠤᠷᠠᠯᠴᠠᠭᠠᠨ ᠤ ᠵᠠᠭᠪᠤᠷ ᠢᠶᠠᠨ ᠭᠦᠨᠵᠡᠭᠡᠶᠢᠷᠡᠭᠦᠯᠵᠦ᠂ ᠲᠥᠷᠥᠯ ᠵᠦᠢᠯ ᠢ ᠲᠦᠷᠭᠡᠬᠡᠨ ᠨᠠᠶᠢᠳᠠᠪᠤᠷᠢᠵᠢᠭᠤᠯᠬᠤ ᠶᠢ ᠬᠦᠴᠦᠯᠡᠨ ᠠᠬᠢᠭᠤᠯᠵᠤ᠂ ᠡᠵᠡᠨ ᠬᠤᠷᠤᠭ᠎ᠠ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠬᠠᠮᠲᠤ ᠪᠠᠷ ᠬᠦᠴᠦᠨ ᠨᠡᠮᠡᠷᠢᠯᠡᠨ᠎ᠡ ᠭᠡᠵᠡᠶ᠃      
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号