| ᠮᠠᠨ ᠤ ᠬᠤᠰᠢᠭᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ᠃ ᠬᠤᠰᠢᠭᠤ ᠳᠡᠳ᠋ ᠳᠠᠷᠤᠭ᠎ᠠ ᠯᠢ ᠬᠦᠶ ᠮᠠᠨ ᠤ | ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠮᠤᠭ ᠤᠨ ᠰᠢᠨ᠎ᠡ ᠠᠬᠢᠴᠠ ᠶᠢᠨ | ᠪᠠᠶᠢᠳᠠᠯ ᠢ ᠮᠡᠳᠡᠭᠳᠡᠪᠡ᠃ | ᠮᠠᠨ ᠤ ᠬᠤᠰᠢᠭᠤᠨ ᠤ ᠤᠯᠠᠭᠠᠨᠮᠦ᠋ᠷᠡᠨ ᠪᠠᠯᠭᠠᠰᠤᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ | ᠬᠥᠮᠦᠰ ᠤᠨ ᠳᠣᠲᠣᠷ᠎ᠠ ᠠᠴᠠ ᠠᠩᠬ᠎ᠠ ᠰᠢᠭᠰᠢᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠭᠰᠡᠨ ᠭᠦᠸᠧ ᠣᠪᠣᠭᠲᠤ ᠶᠢ | ᠢᠯᠡᠷᠡᠭᠦᠯᠵᠦ᠂ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠳᠠᠬᠢᠨ ᠬᠢᠨᠠᠯᠲᠠ᠂ ᠲᠤᠰᠬᠠᠶ | ᠮᠡᠷᠭᠡᠵᠢᠯᠲᠡᠨ ᠤ ᠳᠤᠭᠤᠶᠢᠯᠠᠩ ᠤᠨ ᠶᠡᠷᠦᠩᠬᠡᠶᠢᠯᠡᠭᠰᠡᠨ ᠬᠠᠯᠳᠠᠪᠤᠷᠢᠲᠤ ᠡᠪᠡᠳᠴᠢᠨ ᠤ ᠲᠡᠦᠬᠡ᠂ ᠡᠮᠴᠢᠯᠡᠭᠡᠨ ᠤ ᠢᠯᠡᠷᠡᠯ | ᠂ ᠲᠤᠷᠰᠢᠯᠲᠠ ᠶᠢᠨ ᠲᠠᠰᠤᠭ ᠤᠨ ᠰᠢᠯᠭᠠᠨ ᠪᠠᠶᠢᠴᠠᠭᠠᠯᠲᠠ ᠪᠠ ᠳᠦᠷᠰᠦ ᠰᠢᠩᠭᠡᠭᠡᠯᠲᠡ ᠶᠢᠨ ᠤᠬᠠᠭᠠᠨ ᠤ | ᠪᠠᠶᠢᠴᠠᠭᠠᠯᠲᠠ ᠵᠡᠷᠭᠡ ᠦᠷ᠎ᠡ ᠳ᠋ᠦᠩ ᠢ ᠶᠡᠷᠦᠩᠬᠡᠶᠢᠯᠡᠨ ᠰᠤᠳᠤᠯᠤᠨ ᠮᠠᠭᠠᠳᠯᠠᠵᠤ᠂ ᠲᠤᠰ ᠡᠳᠦᠷ ᠤᠨ 11᠄ | 40 ᠶᠢᠨ ᠦᠶ᠎ᠡ ᠪᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢᠨ | ᠲᠤᠳᠤᠷᠠᠬᠢ ᠬᠥᠩᠭᠡᠨ ᠢᠯᠡᠷᠡᠯ ᠲᠠᠢ ᠡᠪᠡᠳᠴᠢᠳᠡᠨ ᠢᠶᠠᠷ ᠤᠨᠤᠰᠢᠯᠠᠭᠳᠠᠪᠠ᠃ ᠤᠳᠤ ᠶᠠᠭ ᠣᠷᠳᠣᠰ ᠬᠤᠲᠠ ᠶᠢᠨ | ᠬᠤᠶᠠᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠨᠡᠭᠦᠯᠵᠦ᠂ ᠪᠡᠶ᠎ᠡ ᠶᠢᠨ ᠳᠤᠯᠠᠭᠠᠨ ᠨᠢ ᠬᠡᠪ ᠤᠨ | ᠪᠠᠶᠢᠵᠤ᠂ ᠪᠠᠶᠢᠳᠠᠯ ᠨᠢ ᠲᠣᠭᠲᠠᠭᠤᠨ ᠪᠠᠶᠢᠨ᠎ᠠ᠃ | ᠣᠳᠣᠬᠠᠨ ᠳᠤ᠂ ᠮᠠᠨ ᠤ ᠬᠤᠰᠢᠭᠤ ᠠᠮᠤᠷ ᠲᠦᠪᠰᠢᠨ ᠪᠠᠴᠢᠮ ᠢ ᠨᠢᠭᠡ ᠴᠤᠬᠴᠠᠵᠢᠭᠤᠯᠬᠤ ᠠᠵᠢᠯ ᠤᠨ | ᠲᠣᠭᠲᠠᠴᠠ ᠶᠢ ᠪᠥᠬᠦ ᠲᠠᠯ᠎ᠠ ᠪᠠᠷ ᠡᠬᠢᠯᠡᠭᠦᠯᠵᠦ᠂ IV ᠲᠠᠰ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ | ᠲᠡᠷᠡ ᠳᠠᠷᠤᠶ ᠳᠤ ᠨᠢ ᠡᠬᠢᠯᠡᠭᠦᠯᠪᠡ᠃ ᠨᠢᠭᠡ ᠳᠤ ᠬᠠᠯᠳᠠᠪᠤᠷᠢᠳᠦ ᠡᠪᠡᠳᠴᠢᠨ ᠤ ᠤᠬᠠᠭᠠᠨ ᠤ ᠪᠠᠶᠢᠴᠠᠭᠠᠯᠲᠠ ᠶᠢ | ᠦᠳᠲᠡᠷ ᠲᠦᠷᠭᠡᠨ ᠥᠷᠨᠢᠭᠦᠯᠪᠡ᠃ ᠳᠣᠲᠣᠭᠠᠳᠤ ᠶᠢ ᠬᠠᠮᠠᠭᠠᠯᠠᠬᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ᠂ | ᠬᠠᠷᠢᠶ᠎ᠠ ᠭᠠᠵᠠᠷ ᠣᠷᠣᠨ ᠤ ᠪᠠᠯᠭᠠᠰᠤ ᠠᠴᠠ ᠬᠠᠮᠵᠢᠯᠴᠠᠨ᠂ ᠣᠨᠣᠰᠢᠯᠠᠭᠰᠠᠨ ᠡᠪᠡᠳᠴᠢᠨ ᠤ ᠵᠢᠱᠢᠶ᠎ᠡ ᠭᠦᠸᠧ | ᠣᠪᠣᠭᠲᠤ ᠶᠢᠨ ᠨᠢᠭᠡ ᠬᠡᠷ ᠤᠨ ᠠᠵᠢᠯᠯᠠᠭᠠᠨ ᠤ ᠵᠠᠮ ᠳᠤ ᠨᠠᠷᠢᠨ ᠪᠠᠶᠢᠴᠠᠭᠠᠯᠲᠠ ᠬᠢᠪᠠ᠃ ᠬᠤᠶᠠᠷ ᠲᠤ᠂ | ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠬᠥᠮᠦᠰ ᠢ ᠲᠤᠰᠠᠭᠠᠷᠯᠠᠨ ᠬᠠᠮᠢᠶᠠᠷᠤᠨ ᠡᠵᠡᠮᠳᠡᠪᠡ᠃ | ᠡᠭᠦᠨ ᠤ ᠬᠠᠮᠲᠤ᠂ 8 ᠳ᠋ᠤᠭᠠᠷ ᠰᠠᠷ᠎ᠠ ᠶᠢᠨ 4 ᠤ ᠡᠳᠦᠷ ᠤᠨ ᠦᠳᠡ ᠶᠢᠨ ᠡᠮᠦᠨᠡᠬᠢ 10 ᠴᠠᠭ ᠠᠴᠠ ᠡᠬᠢᠯᠡᠨ | ᠠᠯᠳᠠᠨᠰᠢᠷᠡᠭᠡ ᠪᠠᠯᠭᠠᠰᠤ᠂ ᠤᠯᠠᠭᠠᠨᠮᠦ᠋ᠷᠡᠨ ᠪᠠᠯᠭᠠᠰᠤᠨ ᠤ ᠤᠯᠠᠭᠠᠨᠮᠦ᠋ᠷᠡᠨ ᠲᠣᠰᠬᠤᠨ ᠳᠤ ᠠᠩᠬᠠᠳᠤᠭᠠᠷ ᠡᠭᠡᠯᠵᠢ ᠶᠢᠨ | ᠪᠥᠬᠦ ᠬᠡᠪᠴᠢᠶᠡᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ᠂ ᠣᠳᠣᠬᠠᠨ ᠳᠤ ᠪᠥᠭᠡᠮ ᠬᠦᠴᠢᠯ ᠤᠨ | ᠰᠢᠯᠭᠠᠨ ᠪᠠᠶᠢᠴᠠᠭᠠᠯᠲᠠ ᠮᠥᠨ ᠬᠦ ᠶᠠᠪᠤᠭᠳᠠᠵᠤ ᠪᠠᠶᠢᠨ᠎ᠠ᠃ 4 ᠤ ᠡᠳᠤᠷ ᠤᠨ ᠦᠳᠡ ᠶᠢᠨ ᠬᠤᠶᠢᠨᠠᠬᠢ 15 ᠴᠠᠭ | ᠪᠣᠯᠲᠠᠯ᠎ᠠ ᠨᠡᠶᠢᠲᠡ 102000 ᠬᠥᠮᠦᠨ ᠠᠴᠠ ᠥᠯᠢᠭᠡᠷ ᠠᠪᠴᠤ᠂ ᠡᠭᠦᠨ ᠳᠤ ᠠᠯᠳᠠᠨᠰᠢᠷᠡᠭᠡ ᠪᠠᠯᠭᠠᠰᠤ ᠶᠢᠨ | ᠬᠡᠪᠴᠢᠶᠡᠨ ᠳᠤ 87992 ᠬᠥᠮᠦᠨ᠂ ᠤᠯᠠᠭᠠᠨᠮᠦ᠋ᠷᠡᠨ ᠪᠠᠯᠭᠠᠰᠤᠨ ᠳᠤ 14008 ᠬᠥᠮᠦᠨ ᠪᠠᠶᠢᠵᠤ᠂ 61839 | ᠬᠥᠮᠦᠨ ᠤᠳᠠᠭ᠎ᠠ ᠠᠴᠠ ᠠᠪᠤᠭᠰᠠᠨ ᠦᠯᠢᠭᠡᠷ ᠢ ᠨᠢᠭᠡᠨᠲᠡ ᠪᠠᠶᠢᠴᠠᠭᠠᠯᠲᠠ ᠬᠢᠯᠭᠡᠬᠦ ᠪᠠᠷ ᠬᠦᠷᠭᠡᠭᠰᠡᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ 4 ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ | ᠬᠢᠵᠦ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠤ ᠪᠠᠨ ᠳᠠᠬᠢᠨ | ᠡᠭᠦᠰᠬᠦ ᠶᠢ ᠰᠡᠷᠭᠡᠶᠢᠯᠡᠬᠦ︾ ᠶᠢ ᠡᠷᠡᠰ ᠪᠠᠷᠢᠮᠲᠠᠯᠠᠨ᠎ᠠ᠃ ᠨᠢᠭᠡ ᠳᠤ ᠭᠤᠤᠯᠳᠠᠯᠭ᠎ᠠ ᠲᠠᠢ ᠣᠷᠣᠨ ᠪᠦᠰᠡ ᠶᠢᠨ ᠪᠥᠭᠡᠮ | ᠬᠦᠴᠢᠯ ᠤᠨ ᠰᠢᠯᠭᠠᠨ ᠪᠠᠶᠢᠴᠠᠭᠠᠯᠳᠠ ᠶᠢ ᠥᠷᠨᠢᠭᠦᠯᠦᠨ᠎ᠡ᠃ 8 ᠳ᠋ᠤᠭᠠᠷ ᠰᠠᠷ᠎ᠠ ᠶᠢᠨ 4᠂ 5 ᠂ 6 ᠤ ᠡᠳᠦᠷ᠂ | ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠯᠲᠠᠨᠰᠢᠷᠡᠭᠡ | ᠪᠠᠯᠭᠠᠰᠤ᠂ ᠤᠯᠠᠭᠠᠨᠮᠦ᠋ᠷᠡᠨ ᠲᠣᠰᠬᠤᠨ ᠳᠤ 3 ᠡᠭᠡᠯᠵᠢ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠠᠵᠢᠯ | ᠥᠷᠨᠢᠭᠦᠯᠬᠦ ᠪᠠᠷ ᠲᠣᠭᠲᠠᠵᠤ᠂ ᠡᠳᠦᠷ ᠪᠦᠷᠢ 1 ᠤᠳᠠᠭ᠎ᠠ ᠬᠢᠨ᠎ᠡ᠃ ᠬᠤᠶᠠᠷ ᠲᠤ ᠡᠪᠡᠳᠴᠢᠲᠡᠨ ᠢ ᠪᠥᠬᠦ | ᠬᠦᠴᠦᠨ ᠢᠶᠠᠷ ᠢᠶᠠᠨ ᠠᠪᠤᠷᠠᠨ ᠵᠠᠰᠠᠵᠤ᠂ ᠡᠪᠡᠳᠴᠢᠲᠡᠨ ᠤ ᠲᠦᠷᠭᠡᠨ ᠡᠷᠡᠭᠦᠯᠵᠢᠬᠦ ᠶᠢ ᠪᠠᠲᠤᠯᠠᠨ᠎ᠠ᠃ ᠭᠤᠷᠪᠠ ᠳᠤ | ᠨᠡᠶᠢᠭᠡᠮ ᠤᠨ ᠲᠠᠯ᠎ᠠ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠱᠠᠭᠠᠷᠳᠠᠯᠭ᠎ᠠ ᠶᠣᠰᠣᠭᠠᠷ᠂ ᠪᠥᠬᠦ | ᠬᠤᠰᠢᠭᠤᠨ ᠤ ᠡᠯ᠎ᠡ ᠲᠥᠷᠥᠯ ᠤᠨ ᠲᠣᠮᠣ ᠬᠡᠯᠪᠡᠷᠢ ᠶᠢᠨ ᠠᠵᠢᠯᠯᠠᠭ᠎ᠠ ᠶᠢ ᠲᠦᠷ ᠵᠣᠭᠰᠣᠭᠠᠵᠤ᠂ ᠬᠥᠮᠦᠨ ᠬᠠᠷ᠎ᠠ | ᠲᠥᠪᠯᠡᠷᠡᠭᠰᠡᠨ ᠲᠠᠯᠠᠪᠤᠷ ᠭᠠᠵᠠᠷ ᠢ ᠲᠦᠷ ᠬᠠᠭᠠᠨ᠎ᠠ᠃ ᠲᠦᠷᠪᠡ ᠳᠤ᠂ ᠤᠬᠠᠭᠤᠯᠵᠤ ᠬᠦᠳᠦᠯᠥᠨ ᠵᠢᠯᠣᠭᠤᠳᠬᠤ ᠪᠠᠨ | ᠴᠢᠩᠭᠠᠳᠬᠠᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠵᠥᠪ ᠲᠠᠯ᠎ᠠ ᠠᠴᠠ ᠬᠠᠷᠢᠭᠤᠯᠲᠠ ᠥᠭᠴᠦ | ᠂ ᠤᠯᠠᠨ ᠲᠦᠮᠡᠨ ᠤ ᠤᠬᠠᠮᠰᠠᠷ ᠠᠴᠠ ᠪᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠠᠮᠵᠢᠯᠴᠠᠬᠤ ᠶᠢ | ᠬᠦᠳᠦᠯᠥᠨ ᠳᠠᠭᠠᠭᠤᠯᠵᠤ᠂ ᠬᠢᠵᠢᠭ ᠤᠨ ᠪᠠᠶᠢᠳᠠᠯ ᠢ ᠢᠯᠠᠨ ᠳᠠᠪᠠᠭ᠋ᠤ ᠢᠲᠡᠭᠡᠯ ᠵᠣᠷᠢᠭ ᠢ ᠨᠢ ᠴᠢᠩᠭᠠᠳᠬᠠᠬᠤ ᠬᠡᠷᠡᠭᠲᠡᠢ | ᠃ ᠥᠷᠭᠡᠨ ᠤᠯᠠᠨ ᠰᠠᠭᠤᠭᠠᠯᠢ ᠠᠷᠠᠳ ᠢ ᠭᠡᠯᠮᠡᠭᠳᠡᠬᠦ ᠦᠭᠡᠢ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠲᠡᠭᠳᠡᠭᠡᠬᠦ | ᠦᠭᠡᠢ᠂ ᠴᠤᠤᠷᠬᠠᠯ ᠢ ᠲᠠᠮᠵᠢᠭᠤᠯᠬᠤ ᠦᠭᠡᠢ ᠪᠠᠶᠢᠬᠤ ᠶᠢ ᠤᠷᠢᠶᠠᠯᠠᠬᠤ ᠬᠡᠷᠡᠭᠲᠡᠢ︔ ᠬᠤᠪᠢ ᠬᠥᠮᠦᠨ ᠤ | ᠬᠠᠮᠠᠭᠠᠯᠠᠯᠲᠠ ᠶᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂ ᠠᠮᠤᠷ ᠲᠦᠪᠰᠢᠨ ᠨᠡᠶᠢᠭᠡᠮ ᠤᠨ ᠬᠠᠷᠢᠯᠴᠠᠭᠠᠨ ᠤ | ᠵᠠᠶ ᠶᠢ ᠪᠠᠲᠤᠯᠠᠬᠤ ᠬᠡᠷᠡᠭᠲᠡᠶ︔ ᠪᠦᠭᠡᠮᠨᠡᠷᠡᠨ ᠴᠤᠭᠯᠠᠷᠠᠬᠤ ᠦᠭᠡᠢ᠂ ᠴᠥᠭᠡᠨ ᠴᠤᠭᠯᠠᠷᠠᠵᠤ ᠂ ᠡᠷᠡᠭᠦᠯ ᠴᠢᠭᠢᠷᠠᠭ | ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠎ᠠ︔ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠢ | ᠰᠠᠨᠠᠭᠠᠴᠢᠯᠠᠭ᠎ᠠ ᠠᠴᠠ ᠪᠠᠨ ᠲᠠᠷᠢᠨ᠎ᠠ᠃ | | | | | | | | | |