| ᠬᠤᠰᠢᠭᠤᠨ ᠤ ᠴᠡᠴᠡᠷᠯᠢᠭᠵᠢᠬᠦᠯᠭᠡ ᠶᠢᠨ ᠲᠥᠪ ᠨᠢ ᠨᠤᠲᠤᠭ ᠤᠨ ᠤᠷᠭᠤᠮᠠᠯ ᠤᠨ ᠦᠷ᠎ᠡ ᠶᠢ ᠣᠷᠣᠭᠤᠯᠤᠨ | ᠤᠷᠭᠤᠭᠤᠯᠵᠤ ᠲᠠᠰᠬᠠᠭᠠᠨ᠂ ᠰᠢᠨᠵᠢᠯᠡᠬᠦ ᠤᠬᠠᠭᠠᠨ ᠤ ᠰᠤᠳᠤᠯᠭᠠᠨ ᠳᠤ ᠲᠦᠰᠢᠭᠯᠡᠨ ᠬᠠᠮᠢᠶᠠᠷᠤᠯᠲᠠ ᠶᠢᠨ ᠬᠢᠷᠢ | ᠲᠦᠪᠰᠢᠨ ᠢᠶᠠᠨ ᠳᠡᠭᠡᠭᠰᠢᠯᠡᠭᠦᠯᠵᠦ᠂ ᠰᠡᠭᠦᠯᠴᠢ ᠶᠢᠨ ᠬᠤᠭᠤᠴᠠᠭᠠᠨ ᠤ ᠠᠷᠠᠴᠢᠯᠠᠨ ᠬᠠᠮᠠᠭᠠᠯᠠᠬᠤ ᠥᠪᠡᠷ ᠤᠨ | ᠥᠷᠲᠡᠭ ᠢ ᠪᠠᠭᠤᠷᠠᠭᠤᠯᠤᠨ᠂ ᠴᠡᠴᠡᠷᠯᠢᠭᠵᠢᠬᠦᠯᠭᠡ ᠨᠤᠭᠤᠭᠠᠷᠠᠭᠤᠯᠤᠯᠳᠠ ᠬᠢᠬᠦ ᠦᠶ᠎ᠡ ᠳᠤ ᠦᠪᠠᠷ ᠢᠶᠠᠨ ᠲᠠᠷᠢᠵᠤ | ᠪᠤᠶᠢᠵᠢᠭᠤᠯᠤᠭᠰᠠᠨ ᠬᠤᠸᠠᠷ ᠴᠡᠴᠡᠭ ᠴᠢᠬᠢ ᠮᠣᠳᠣᠨ ᠤ ᠬᠠᠩᠭᠠᠯᠳᠠ ᠶᠢᠨ ᠨᠣᠷᠮ᠎ᠠ ᠶᠢ 50 % ᠳᠤ ᠬᠦᠷᠭᠡᠭᠰᠡᠨ | ᠪᠠᠶᠢᠨ᠎ᠠ᠃ | ᠡᠵᠡᠨ ᠬᠤᠷᠤᠭ᠎ᠠ ᠬᠤᠰᠢᠭᠤᠨ ᠤ ᠴᠡᠴᠡᠷᠯᠢᠭᠵᠢᠬᠦᠯᠭᠡ ᠶᠢᠨ ᠲᠥᠪ ᠤᠨ ᠭᠠᠨᠵᠤᠤᠷ ᠤᠨ ᠰᠦᠮ᠎ᠡ ᠲᠣᠰᠬᠤᠨ ᠤ | ᠠᠯᠲᠠᠨᠵᠤᠯᠠ ᠴᠡᠴᠡᠭ ᠤᠨ ᠬᠦᠯᠡᠮᠵᠢ ᠳᠤ ᠬᠦᠷᠬᠦ ᠳᠤ᠂ ᠠᠵᠢᠯᠴᠢᠳ ᠶᠠᠭ ᠰᠠᠶᠢᠬᠠᠨ ᠪᠤᠶᠢᠵᠢᠭᠤᠯᠤᠭᠰᠠᠨ ᠬᠤᠸᠠᠷ | ᠴᠡᠴᠡᠭ ᠢᠶᠠᠨ ᠡᠯ᠎ᠡ ᠵᠠᠮ ᠤᠨ ᠲᠠᠭᠠᠤ᠂ ᠵᠠᠩᠭᠢᠯᠠᠭ᠎ᠠ ᠶᠢᠨ ᠴᠡᠭ ᠲᠤ ᠬᠦᠷᠭᠡᠵᠦ ᠶᠠᠭᠠᠷᠠᠯᠳᠠᠢ ᠠᠵᠢᠯᠯᠠᠵᠦ ᠪᠠᠶᠢᠪᠠ᠃ | ᠮᠡᠷᠭᠡᠵᠢᠯ ᠤᠨ ᠠᠵᠢᠯᠲᠠᠨ ᠠᠴᠠ᠂ ᠠᠯᠲᠠᠨᠵᠤᠯᠠ ᠴᠡᠴᠡᠭ ᠢ ᠤᠷᠢᠳᠠᠪᠠᠷ ᠫᠡᠩᠰᠡᠨ ᠳᠤ ᠦᠷ᠎ᠡ ᠶᠢ ᠨᠢ ᠲᠠᠷᠢᠵᠤ᠂ | ᠠᠯᠬᠤᠮ ᠠᠯᠬᠤᠮ ᠢᠶᠠᠷ ᠳᠠᠰᠬᠠᠭᠰᠠᠨ ᠤ ᠳᠠᠷᠠᠭ᠎ᠠ ᠶᠡᠭᠡ ᠬᠡᠪᠴᠢᠶ᠎ᠡ ᠪᠠᠷ ᠴᠢᠬᠢ ᠮᠣᠳᠣᠨ ᠤ ᠬᠦᠷᠢᠶᠡᠯᠡᠩ ᠳᠤ ᠳᠠᠷᠢᠵᠤ | ᠪᠤᠶᠢᠵᠢᠭᠤᠯᠳᠠᠭ ᠭᠡᠮᠡᠨ ᠲᠠᠨᠢᠯᠴᠠᠭᠤᠯᠵᠤ ᠶᠠᠷᠢᠨ᠎ᠠ᠃ | ᠡᠵᠡᠨ ᠬᠤᠷᠤᠭ᠎ᠠ ᠬᠤᠰᠢᠭᠤᠨ ᠤ ᠴᠡᠴᠡᠷᠯᠢᠭᠵᠢᠬᠦᠯᠭᠡ ᠶᠢᠨ ᠲᠥᠪ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠴᠢᠬᠢ ᠮᠣᠳᠣᠨ ᠤ ᠬᠦᠷᠢᠶᠡᠯᠡᠩ ᠤᠨ ᠲᠤᠬᠠᠶᠢᠯᠠᠭᠰᠠᠨ ᠠᠵᠢᠯ ᠤᠨ ᠲᠠᠰᠤᠭ ᠤᠨ ᠡᠷᠬᠢᠯᠡᠭᠴᠢ ᠶᠤᠸᠠᠨ | ᠵᠢᠶᠦ᠋ᠨ ᠰᠤᠷᠪᠤᠯᠵᠢᠯᠠᠭᠴᠢ ᠳᠤ᠄《ᠪᠢᠳᠡ ᠪᠦᠮᠪᠦᠭᠡᠯᠢᠭ ᠪᠤᠶᠢᠵᠢᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠨᠢᠳᠤᠨᠤᠨ ᠤ 11 ᠳ᠋ᠦ᠋ᠭᠡᠷ ᠰᠠᠷ᠎ᠠ ᠠᠴᠠ ᠡᠬᠢᠯᠡᠨ ᠠᠯᠲᠠᠨᠵᠤᠯᠠ ᠴᠡᠴᠡᠭ ᠢ ᠪᠤᠶᠢᠵᠢᠭᠤᠯᠵᠤ᠂ 6 ᠰᠠᠷ᠎ᠠ ᠶᠢᠨ | ᠪᠤᠶᠢᠵᠢᠭᠤᠯᠤᠯᠲᠠ ᠪᠠᠷ ᠳᠡᠮᠵᠢᠨ᠂ ᠣᠲᠣ ᠨᠢᠭᠡ ᠡᠳᠦᠷ ᠲᠤ 6 ᠲᠦᠮᠡ ᠭᠠᠷᠤᠢ ᠫᠡᠩᠰᠡ ᠪᠤᠶᠢᠵᠢᠭᠤᠯᠵᠤ᠂ ᠭᠠᠳᠠᠷ | ᠣᠷᠣᠨ ᠠᠴᠠ ᠬᠤᠳᠠᠯᠳᠤᠨ ᠠᠪᠬᠤ ᠲᠠᠢ ᠬᠠᠷᠢᠴᠠᠭᠤᠯᠪᠠᠯ 50 % ᠶᠢᠨ ᠥᠪᠡᠷ ᠤᠨ ᠥᠷᠲᠡᠭ ᠢ ᠠᠷᠪᠢᠯᠠᠵᠠᠶ | 》ᠭᠡᠪᠡ᠃ | ᠣᠶᠢᠯᠠᠭᠠᠭᠰᠠᠨ ᠢᠶᠠᠷ᠂ ᠡᠵᠡᠨ ᠬᠤᠷᠤᠭ᠎ᠠ ᠬᠤᠰᠢᠭᠤᠨ ᠤ ᠴᠡᠴᠡᠷᠯᠢᠭᠵᠢᠬᠦᠯᠭᠡ ᠨᠣᠭᠤᠭᠠᠷᠠᠭᠤᠯᠤᠯᠲᠠ ᠶᠢᠨ | ᠲᠥᠪ 2004 ᠣᠨ ᠪᠠ 2014 ᠣᠨ ᠳᠤ ᠴᠡᠴᠡᠷᠯᠢᠭ ᠤᠨ ᠤᠷᠭᠤᠮᠠᠯ ᠤᠨ ᠬᠠᠮᠠᠭᠠᠯᠠᠯᠲᠠ ᠶᠢᠨ ᠲᠤᠷᠰᠢᠯᠲᠠ ᠶᠢᠨ | ᠲᠠᠰᠤᠭ᠂ ᠰᠢᠷᠣᠶ ᠶᠢᠨ ᠪᠣᠷᠲᠣᠭᠤᠷ ᠤᠨ ᠲᠤᠷᠰᠢᠯᠲᠠ ᠶᠢᠨ ᠲᠠᠰᠤᠭ ᠢ ᠵᠠᠯᠭᠠᠭ᠎ᠠ ᠪᠠᠷ ᠪᠠᠶᠢᠭᠤᠯᠵᠤ᠂ ᠲᠤᠬᠠᠶ ᠶᠢᠨ | ᠭᠠᠵᠠᠷ ᠤᠨ ᠴᠢᠬᠢ ᠪᠤᠶᠢᠵᠢᠭᠤᠯᠬᠤ ᠮᠡᠷᠭᠡᠵᠢᠯ ᠪᠠ ᠠᠷᠠᠴᠢᠯᠠᠨ ᠬᠠᠮᠠᠭᠠᠯᠠᠬᠤ ᠠᠷᠭ᠎ᠠ ᠶᠢ ᠰᠤᠳᠤᠯᠤᠨ | ᠰᠦᠪᠡᠭᠴᠢᠯᠡᠬᠦ ᠪᠠᠷ ᠳᠡᠮᠵᠢᠨ᠂ ᠴᠢᠬᠢ ᠮᠣᠳᠣᠨ ᠤ ᠡᠳᠡᠭᠡᠷᠡᠯᠲᠡ ᠶᠢᠨ ᠨᠣᠷᠮ᠎ᠠ ᠪᠠ ᠰᠣᠨᠢᠷᠬᠠᠯᠲᠤ ᠴᠢᠨᠠᠷ ᠢ | ᠳᠡᠭᠡᠭᠰᠢᠯᠡᠭᠦᠯᠦᠭᠰᠡᠨ ᠪᠠᠶᠢᠨ᠎ᠠ᠃ | ᠣᠶᠢᠷ᠎ᠠ ᠶᠢᠨ ᠵᠢᠯ ᠠᠴᠠ ᠨᠠᠭᠠᠰᠢ᠂ ᠡᠵᠡᠨ ᠬᠤᠷᠤᠭ᠎ᠠ ᠬᠤᠰᠢᠭᠤ ︽ᠨᠢᠭᠡ ᠵᠢᠷᠤᠭ ᠲᠥᠰᠦᠪ ᠢ ᠡᠴᠦᠰ ᠲᠤ | ᠨᠢ ᠲᠤᠯᠲᠠᠯ᠎ᠠ ᠵᠢᠷᠤᠭᠯᠠᠬᠤ︾ ᠡᠶ᠎ᠡ ᠵᠣᠬᠢᠴᠠᠩᠭᠤᠶ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ 2000 ᠮᠥ | ᠣᠷᠴᠢᠮ ᠤᠨ ᠴᠢᠬᠢ ᠮᠣᠳᠣᠨ ᠤ ᠬᠦᠷᠢᠶᠡᠯᠡᠩ ᠤᠨ ᠰᠠᠭᠤᠷᠢᠨ ᠭᠠᠵᠠᠷ ᠪᠤᠯᠤᠨ 170 ᠰᠠᠭᠤᠷᠢ ᠬᠦᠯᠡᠮᠵᠢ ᠶᠢ | ᠪᠡᠶ᠎ᠡ ᠪᠠᠨ ᠲᠠᠭᠠᠭᠠᠨ ᠪᠥᠲᠥᠭᠡᠨ ᠪᠠᠶᠢᠭᠤᠯᠵᠤ᠂ ᠴᠡᠴᠡᠷᠯᠢᠭ ᠤᠨ ᠰᠣᠶᠣᠯ ᠬᠢᠭᠡᠳ ᠣᠷᠣᠨ ᠨᠤᠲᠤᠭ ᠤᠨ ᠰᠣᠶᠣᠯ ᠢ | ᠠᠭᠤᠰᠤᠯᠴᠠᠭᠤᠯᠤᠨ ᠬᠥᠭᠵᠢᠭᠦᠯᠬᠦ ᠶᠢ ᠢᠳᠡᠪᠬᠢᠲᠡᠶ ᠦᠢᠯᠡᠳᠦᠯᠭᠡᠵᠢᠬᠦᠯᠵᠦ᠂ ︽ᠠᠭᠠᠷ ᠮᠠᠨᠳᠠᠯ ᠢ ᠲᠠᠭᠠᠯᠠᠮᠵᠢᠲᠠᠶ | ᠪᠣᠯᠭᠠᠬᠤ︾᠂ ︽ᠦᠵᠡᠰᠬᠦᠯᠡᠩᠲᠦ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ︾᠂ ︽ᠤᠰᠤ ᠲᠠᠢ | ᠳᠣᠲᠣᠨᠣᠴᠢᠯᠠᠬᠤ︾᠂ ︽ᠨᠣᠭᠤᠭᠠᠨ ᠥᠩᠭᠡ ᠪᠠᠷ ᠰᠠᠭᠤᠷᠢ ᠪᠣᠯᠭᠠᠬᠤ︾᠂ ︽ᠤᠰᠤ ᠪᠠᠷ ᠰᠦᠭ ᠰᠦᠨᠡᠰᠦ | ᠪᠣᠯᠭᠠᠬᠤ︾᠂ ︽ᠲᠣᠮᠣ ᠦᠵᠡᠮᠵᠢ︾᠂ ︽ᠵᠢᠵᠢᠭ ᠴᠡᠴᠡᠷᠯᠢᠭ︾ ᠢ ᠪᠠᠶᠢᠭᠤᠯᠬᠤ ᠶᠢ ᠪᠠᠷᠢᠮᠲᠠᠯᠠᠵᠤ᠂ ︽ᠨᠢᠭᠲᠠ | ᠰᠡᠶᠢᠷᠡᠭ ᠪᠥᠭᠡᠳ ᠨᠠᠷᠢᠯᠢᠭ︾ ᠠᠮᠢ ᠠᠬᠤᠶ ᠶᠢᠨ ᠴᠡᠴᠡᠷᠯᠢᠭ ᠤᠨ ᠣᠷᠣᠨ ᠵᠠᠶ ᠶᠢ ᠪᠣᠶ ᠪᠣᠯᠭᠠᠵᠤ᠂ ᠬᠠᠪᠤᠷ ᠴᠡᠴᠡᠭ | ᠰᠣᠨᠢᠷᠬᠠᠬᠤ᠂ ᠵᠤᠨ ᠤᠰᠤ ᠨᠠᠭᠠᠳᠬᠤ᠂ ᠨᠠᠮᠤᠷ ᠵᠤᠭᠠᠴᠠᠬᠤ᠂ ᠡᠪᠦᠯ ᠴᠠᠰᠤ ᠬᠢᠰᠬᠢᠬᠦ ᠳᠥᠷᠪᠡᠨ ᠤᠯᠠᠷᠢᠯ ᠤᠨ | ᠦᠵᠡᠮᠵᠢ ᠶᠢ ᠪᠦᠷᠢᠯᠳᠦᠬᠦᠯᠪᠡ᠃ | | | | | | | | |