| ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠡᠭᠦᠷᠭᠡ ᠴᠢᠳᠠᠪᠬᠢ ᠶᠢᠨ ᠳᠠᠪᠠᠭᠤᠯᠢᠭ ᠢᠶᠠᠨ | ᠭᠦᠢᠴᠡᠳ ᠪᠠᠳᠠᠷᠠᠭᠤᠯᠵᠤ᠂ ᠦᠢᠯᠡᠴᠢᠯᠡᠭᠡᠨ ᠤ ᠬᠡᠪᠴᠢᠶ᠎ᠡ ᠪᠠᠨ ᠦᠷᠭᠦᠯᠵᠢᠯᠡᠨ ᠥᠷᠭᠡᠳᠬᠡᠵᠦ᠂ ᠬᠠᠤᠯᠢᠵᠢᠭᠰᠠᠨ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠰᠢᠯᠢᠳᠡᠭᠵᠢᠬᠦᠯᠵᠦ᠂ ᠠᠷᠠᠳ ᠲᠤ | ᠲᠥᠬᠦᠮ ᠦᠵᠡᠭᠦᠯᠦᠨ ᠠᠵᠤ ᠠᠬᠤᠶᠢᠯᠠᠯ ᠳᠤ ᠠᠰᠢᠭ ᠬᠦᠷᠲᠡᠭᠡᠵᠦ ᠪᠠᠶᠢᠨ᠎ᠠ᠃ | ᠤᠶᠢᠷ᠎ᠠ ᠳᠤ᠂ ᠮᠠᠨ ᠤ ᠬᠤᠰᠢᠭᠤᠨ ᠤ ᠨᠢᠭᠡᠨ ᠨᠡᠭᠦᠷᠡᠰᠦ ᠦᠢᠯᠡᠳᠪᠦᠷᠢᠯᠡᠬᠦ ᠠᠵᠤ ᠠᠬᠤᠶᠢᠯᠠᠯ ᠤᠨ ᠠᠵᠢᠯᠲᠠᠨ | ᠺᠣᠮᠫᠠᠨᠢ ᠶᠢᠨ ᠢᠶᠠᠨ ᠠᠯᠪᠠᠨ ᠬᠡᠷ ᠲᠤ ︽ᠠᠮᠠᠷᠬᠠᠨ ᠦᠢᠯᠡᠳᠬᠦ ᠬᠢᠮᠢ ᠶᠢᠨ ᠬᠤᠤᠷᠲᠤ ᠪᠤᠳᠠᠰ ᠤᠨ ᠦᠢᠯᠡᠴᠢᠯᠡᠭᠡᠨ ᠤ | ᠲᠠᠪᠴᠠᠩ︾ ᠢᠶᠠᠷ ᠳᠠᠮᠵᠢᠨ ᠨᠢᠭᠡᠨᠲᠡ ᠬᠤᠳᠠᠯᠳᠤᠨ ᠠᠪᠤᠭᠰᠠᠨ ᠳᠠᠪᠤᠰᠤᠨ ᠬᠦᠴᠢᠯ᠂ ᠬᠦᠬᠦᠷ ᠬᠦᠴᠢᠯ ᠵᠡᠷᠭᠡ | ᠬᠢᠮᠢ ᠶᠢᠨ ᠪᠣᠳᠠᠰ ᠢᠶᠠᠨ ᠰᠦᠯᠵᠢᠶᠡᠨ ᠳᠤ ᠳᠠᠩᠰᠠᠯᠠᠭᠤᠯᠵᠤ ᠬᠢᠨᠠᠨ ᠵᠥᠪᠰᠢᠶᠡᠷᠡᠭᠦᠯᠪᠡ ᠃ ᠠᠵᠤ ᠠᠬᠤᠶᠢᠯᠠᠯ ᠤᠨ | ᠡᠵᠡᠩᠨᠡᠯᠲᠡ ᠶᠢᠨ ᠦᠨᠡᠮᠯᠡᠯ᠂ ᠠᠮᠠᠷᠬᠠᠨ ᠦᠢᠯᠡᠳᠬᠦ ᠬᠢᠮᠢ ᠶᠢᠨ ᠬᠤᠤᠷᠲᠤ ᠪᠤᠳᠠᠰ ᠢ ᠬᠠᠤᠯᠢ ᠶᠣᠰᠣᠭᠠᠷ ᠬᠡᠷᠡᠭᠯᠡᠬᠦ | ᠭᠡᠷᠡᠴᠢ᠂ ᠬᠠᠤᠯᠢ ᠶᠢᠨ ᠡᠷᠬᠡᠲᠡᠨ ᠤ ᠪᠡᠶ᠎ᠡ ᠶᠢᠨ ᠦᠨᠡᠮᠯᠡᠯ ᠵᠡᠷᠭᠡ ᠪᠠᠷ ᠳᠠᠮᠵᠢᠨ᠂ ᠭᠤᠷᠪᠠᠨ ᠮᠢᠨᠦ᠋ᠲ ᠪᠣᠯᠤᠭᠰᠠᠨ | ᠥᠬᠡᠶ ᠪᠠᠷ ᠬᠠᠮᠢᠶ᠎ᠠ ᠪᠥᠬᠦᠶ ᠭᠡᠷᠡᠴᠢ ᠪᠠᠨ ᠰᠦᠯᠵᠢᠶᠡᠨ ᠲᠠᠪᠴᠠᠩ ᠳᠤ ᠲᠤᠰᠢᠶᠠᠵᠤ᠂ ᠲᠣᠰ ᠡᠳᠦᠷ ᠲᠤ ᠪᠠᠨ ᠬᠢᠨᠠᠨ | ᠵᠥᠪᠰᠢᠶᠡᠷᠡᠭᠦᠯᠪᠡ᠃ | ᠨᠢᠳᠤᠨᠤᠨ ᠠᠴᠠ ᠨᠠᠰᠢ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠲᠠ ᠶᠢᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ 6 ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤᠪᠴᠢ ᠨᠡᠮᠡᠵᠦ᠂ ︽ | ᠨᠢᠭᠡ ᠴᠤᠩᠬᠤᠪᠴᠢ ᠪᠠᠷ ᠨᠡᠶᠢᠳᠡᠮ ᠬᠦᠢᠴᠡᠳᠬᠡᠬᠦ︾ ᠲᠡᠷᠭᠡ ᠵᠢᠯᠣᠭᠤᠳᠬᠤ ᠬᠠᠮᠢᠶᠠᠷᠤᠯᠲᠠ᠂ ᠡᠷᠦᠬᠡ ᠠᠮᠠ ᠶᠢᠨ | ᠶᠠᠪᠤᠳᠠᠯ᠂ ᠬᠢᠯᠢ ᠪᠠᠷ ᠣᠷᠣᠵᠤ ᠭᠠᠷᠬᠤ᠂ ᠠᠮᠤᠷ ᠢ ᠬᠠᠮᠠᠭᠠᠯᠠᠬᠤ ᠵᠡᠷᠭᠡ ᠬᠤᠪᠢ ᠬᠥᠮᠦᠨ ᠤ ᠥᠨᠳᠥᠷ ᠳᠠᠪᠲᠠᠮᠵᠢᠲᠤ | ᠶᠠᠪᠤᠳᠠᠯ ᠳᠤ ᠦᠢᠯᠡᠴᠢᠯᠡᠭᠡ ᠬᠠᠩᠭᠠᠪᠠ᠃ ᠡᠭᠦᠨ ᠤ ᠬᠠᠮᠲᠤ᠂ ᠪᠠᠭᠤᠳᠠᠯ ᠤᠨ ᠦᠢᠯᠡᠰ ᠤᠨ ᠣᠨᠴᠠᠭᠠᠶ ᠠᠵᠢᠯ | ᠲᠥᠷᠥᠯ ᠤᠨ ᠵᠥᠪᠰᠢᠶᠡᠷᠡᠯ ᠤᠨ ᠦᠨᠡᠮᠯᠡᠯ᠂ ᠲᠦᠷᠢᠶᠡᠰᠦᠨ ᠮᠠᠰᠢᠨ ᠲᠡᠷᠭᠡ ᠳᠠᠩᠰᠠᠯᠠᠭᠤᠯᠬᠤ ᠦᠨᠡᠮᠯᠡᠯ ᠵᠡᠷᠭᠡ 9 | ᠵᠦᠢᠯ ᠤᠨ ᠲᠤᠬᠠᠶᠢᠯᠠᠭᠰᠠᠨ ᠠᠵᠢᠯ ᠤᠨ ᠡᠷᠬᠡ ᠶᠢ ᠬᠠᠷᠢᠶ᠎ᠠ ᠣᠷᠣᠨ ᠤ 11 ᠲᠣᠮᠢᠯᠠᠭᠰᠠᠨ ᠰᠠᠯᠪᠤᠷᠢ ᠳᠤ ᠪᠠᠭᠤᠯᠭᠠᠨ | ᠬᠦᠢᠴᠡᠳᠬᠡᠬᠦᠯᠵᠦ᠂ ᠴᠠᠭᠳᠠᠭᠠᠨ ᠤ ᠶᠠᠪᠤᠳᠠᠯ ᠤᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠲᠦᠢᠯ ᠤᠨ ᠶᠡᠭᠡ ᠪᠠᠷ | ᠳᠡᠭᠡᠭᠰᠢᠯᠡᠭᠦᠯᠪᠡ᠃ | ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠦᠷᠭᠦᠯᠵᠢᠯᠡᠨ | ᠡᠯ᠎ᠡ ᠵᠦᠢᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ | ᠰᠢᠯᠢᠳᠡᠭᠵᠢᠭᠦᠯᠵᠦ᠂ 75 ᠵᠦᠢᠯ ᠤᠨ ᠡᠷᠦᠬᠡ ᠠᠮᠠ ᠶᠢᠨ ᠲᠠᠩᠰᠠ ᠶᠢᠨ ᠲᠤᠬᠠᠶᠢᠯᠠᠭᠰᠠᠨ ᠠᠵᠢᠯ ᠵᠢᠴᠢ 25 | ᠵᠦᠢᠯ ᠤᠨ ᠠᠮᠤᠷ ᠢ ᠬᠠᠮᠠᠭᠠᠯᠠᠬᠤ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠢ ᠲᠣᠮᠢᠯᠠᠭᠰᠠᠨ ᠰᠠᠯᠪᠤᠷᠢ ᠳᠤ | ᠪᠠᠭᠤᠯᠭᠠᠵᠤ᠂ ᠠᠷᠠᠳ ᠣᠯᠠᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠤᠯᠠᠮ ᠨᠢᠭᠡ ᠠᠯᠬᠤᠮ | ᠨᠡᠪᠲᠡᠷᠡᠭᠦᠯᠵᠦ᠂ ᠠᠷᠠᠳ ᠣᠯᠠᠨ ᠤ ᠬᠠᠨᠤᠮᠵᠢ ᠶᠢᠨ ᠲᠥᠷᠦᠭᠳᠡᠯ ᠢ ᠲᠠᠰᠤᠷᠠᠯᠲᠠ ᠥᠬᠡᠶ ᠲᠡᠭᠡᠭᠰᠢᠯᠡᠬᠦᠯᠬᠦ ᠪᠠᠷ ᠪᠠᠶᠢᠨ᠎ᠠ | ᠃ | | | | | | |