ᠮᠠᠨ ᠤ ᠬᠤᠰᠢᠭᠤ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠤᠨ ᠲᠥᠪᠯᠡᠷᠡᠭᠦᠯᠦᠨ ᠭᠡᠷ᠎ᠡ ᠲᠣᠭᠲᠠᠬᠤ ᠶᠣᠰᠣᠯᠠᠯ  ᠶᠠᠪᠤᠬᠳᠠᠭᠤᠯᠪᠠ
ᠨᠡᠶᠢᠲᠡᠯᠡᠭᠰᠡᠨ ᠴᠠᠭ᠄
2022/10/31
     ᠮᠠᠨ ᠤ ᠬᠤᠰᠢᠭᠤ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠤᠨ ᠲᠥᠪᠯᠡᠷᠡᠭᠦᠯᠦᠨ ᠭᠡᠷ᠎ᠡ ᠲᠣᠭᠲᠠᠬᠤ ᠶᠣᠰᠣᠯᠠᠯ ᠶᠠᠪᠤᠭᠳᠠᠭᠤᠯᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ᠂  ᠬᠤᠰᠢᠭᠤᠨ ᠤ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠲᠢᠶᠠᠨ ᠹᠧᠨ ᠴᠢᠩ  ᠶᠣᠰᠣᠯᠠᠯ ᠳᠤ ᠤᠷᠤᠯᠴᠠᠵᠦ  ᠂ ᠬᠤᠰᠢᠭᠤ ᠳᠡᠳ᠋ ᠳᠠᠷᠤᠭ᠎ᠠ ᠯᠢ ᠬᠦᠶ ᠶᠣᠰᠣᠯᠠᠯ ᠢ ᠡᠷᠭᠢᠯᠡᠪᠡ᠃      ᠬᠤᠷᠠᠯ ᠳᠡᠭᠡᠷ᠎ᠡ᠂ ᠥᠪᠥᠷ ᠮᠣᠩᠭᠤᠯ ᠤᠨ ᠱᠤᠸᠠᠩ ᠮᠠᠨ ᠪᠠᠭᠤᠳᠠᠯ ᠤᠨ ᠬᠠᠮᠢᠶᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠣᠷᠳᠣᠰ ᠬᠤᠲᠠ ᠶᠢᠨ ᠯᠦᠩ ᠯᠢ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠳ᠋ᠧ ᠷᠦᠩ ᠠᠵᠤ ᠦᠢᠯᠡᠰ ᠤᠨ ᠬᠢᠵᠠᠭᠠᠷᠲᠤ ᠺᠣᠮᠫᠠᠨᠢ᠂ ᠣᠷᠳᠣᠰ ᠬᠤᠲᠠ ᠶᠢᠨ ᠯᠢ ᠵᠢᠩ ᠬᠤᠳᠠᠯᠳᠤᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠣᠷᠳᠣᠰ ᠬᠤᠲᠠ ᠶᠢᠨ ᠬᠠᠨ ᠴᠧᠨ ᠬᠤᠳᠠᠯᠳᠤᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠲᠣᠰ ᠲᠣᠰ ᠠᠵᠤ ᠠᠬᠤᠶᠢᠯᠠᠯ ᠵᠢᠴᠢ ᠲᠥᠷᠥᠯ ᠵᠦᠢᠯ ᠤᠨ ᠪᠠᠶᠢᠳᠠᠯ ᠢ ᠲᠠᠨᠢᠯᠴᠠᠭᠤᠯᠪᠠ᠃      ᠳᠠᠷᠠᠭ᠎ᠠ ᠨᠢ᠂ ᠵᠠᠰᠠᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠣᠷᠳᠣᠰ ᠬᠤᠲᠠ ᠶᠢᠨ ᠭᠤᠯᠹ ᠪᠠᠭᠤᠳᠠᠯ᠂ ᠳ᠋ᠧ ᠷᠦᠩ UK  ᠴᠢᠯᠦᠭᠡᠳᠦ ᠳᠡᠯᠭᠡᠭᠦᠷ᠂ ᠤᠰᠤᠨ ᠡᠷᠬᠢ ᠶᠢᠨ ᠰᠢᠨ᠎ᠡ ᠬᠤᠲᠠ ᠶᠢᠨ ᠲᠥᠪ ᠴᠡᠴᠡᠷᠯᠢᠭ ᠤᠨ ᠱᠦᠶ ᠶᠤᠸᠠᠢ ᠵᠡᠭᠡᠯᠢ᠂ ᠣᠷᠳᠣᠰ ᠬᠤᠲᠠ ᠶᠢᠨ ᠴᠢᠤᠸᠠᠨ ᠷᠦ ᠢᠦᠶ ᠠᠷᠢᠬᠢᠨ ᠤ ᠦᠢᠯᠡᠰ ᠵᠡᠷᠭᠡ 4 ᠲᠥᠷᠥᠯ  ᠵᠦᠢᠯ ᠤᠨ ᠲᠤᠬᠠᠶ ᠭᠡᠷ᠎ᠡ ᠲᠣᠭᠲᠠᠵᠤ᠂ ᠨᠡᠶᠢᠲᠡ 2 . 03 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠪᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠭᠡᠷ᠎ᠡ ᠲᠣᠭᠲᠠᠭᠰᠠᠨ ᠲᠥᠷᠥᠯ ᠵᠦᠢᠯ ᠤᠨ ᠠᠵᠤ ᠦᠢᠯᠡᠰ ᠤᠨ ᠳᠠᠶᠢᠴᠢᠯᠠᠬᠤ ᠴᠢᠳᠠᠪᠤᠷᠢ ᠨᠢ ᠴᠢᠩᠭ᠎ᠠ ᠪᠠᠶᠢᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠠᠵᠤ ᠦᠢᠯᠡᠰ ᠎ ᠤᠨ ᠲᠥᠪᠯᠡᠷᠡᠯ ᠢ ᠠᠬᠢᠭᠤᠯᠬᠤ᠂ ᠠᠵᠤ ᠦᠢᠯᠡᠰ ᠤᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠳᠤ ᠢᠳᠡᠪᠬᠢᠲᠡᠶ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠵᠦ᠂ ᠪᠥᠬᠦ ᠬᠤᠰᠢᠭᠤᠨ ᠤ ᠣᠲᠣ ᠦᠶ᠎ᠡ ᠶᠢᠨ  ᠦᠢᠯᠡᠴᠢᠯᠡᠭᠡᠨ ᠤ ᠦᠢᠯᠡᠰ ᠤᠨ ᠲᠠᠰ ᠳᠠᠪᠬᠤᠷᠭ᠎ᠠ ᠨᠢ ᠨᠠᠩ ᠥᠨᠳᠥᠷ᠂ ᠪᠦᠲᠦᠴᠡ ᠨᠢ ᠨᠠᠩ ᠰᠢᠯᠢᠳᠡᠭ ᠂ ᠶᠠᠰᠤ ᠴᠢᠨᠠᠷ ᠨᠢ ᠨᠠᠩ ᠰᠠᠶᠢᠨ ᠴᠢᠭᠯᠡᠯ ᠢᠶᠠᠷ ᠤᠷᠤᠭᠰᠢᠯᠠᠬᠤ ᠶᠢ ᠬᠦᠴᠦᠲᠡᠶ ᠠᠬᠢᠭᠤᠯᠬᠤ ᠪᠣᠯᠤᠨ᠎ᠠ᠃      ᠬᠤᠰᠢᠭᠤᠨ ᠤ ᠤᠳᠤᠷᠢᠳᠤᠯᠭ᠎ᠠ ᠵᠠᠩ ᠭᠦᠸᠧ ᠹᠠᠨ᠂ ᠱᠢ ᠸᠧᠨ ᠶᠢᠩ᠂ ᠬᠠᠨ ᠯᠢ ᠵᠢᠴᠢ ᠡᠯ᠎ᠡ ᠬᠤᠯᠪᠤᠬᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ  ᠬᠡᠷ᠎ᠡ ᠲᠤᠬᠳᠠᠬᠤ ᠶᠣᠰᠣᠯᠠᠯ ᠳᠤ ᠣᠷᠣᠯᠴᠠᠪᠠ᠃            
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号