| ᠣᠶᠢᠷ᠎ᠡ ᠳᠤ᠂ ᠰᠢᠨᠬᠤᠸᠠ ᠬᠤᠷᠢᠶᠠᠨ ᠤ ︽ᠲᠣᠷᠣᠨᠠᠲᠤ ᠶᠢ ᠬᠠᠷᠠᠬᠤᠢ ᠭᠠᠷᠠᠭ ᠤᠨ ᠬᠡᠪᠯᠡᠯ︾ ᠠᠴᠠ | ᠭᠤᠣᠯᠯᠠᠨ ᠡᠷᠬᠢᠯᠡᠭᠰᠡᠨ 2021 ᠣᠨ ᠤ ᠲᠣᠮᠳᠠᠳᠤ ᠤᠯᠤᠰ ᠤᠨ ᠵᠣᠯ ᠵᠢᠷᠭᠠᠯᠲᠤ ᠬᠤᠲᠠ ᠶᠢᠨ ᠶᠠᠷᠢᠯᠴᠠᠭ᠎ᠠ | ᠪᠡᠭᠡᠵᠢᠩ ᠳᠤ ᠶᠠᠪᠣᠭᠳᠠᠵᠤ᠂ ᠰᠦᠯᠵᠢᠶᠡᠨ ᠲᠡᠭᠡᠷ᠎ᠡ ︽2021 ᠣᠨ ᠤ ᠲᠣᠮᠳᠠᠳᠣ ᠤᠯᠤᠰ ᠤᠨ ᠵᠣᠯ ᠵᠢᠷᠭᠠᠯᠲᠤ | ᠬᠤᠲᠠ ᠶᠢᠨ ᠨᠡᠷᠡᠶᠢᠳᠦᠯ︾ ᠢ ᠨᠡᠶᠢᠲᠡᠯᠡᠵᠤ᠂ ᠡᠵᠡᠨ ᠬᠤᠷᠤᠭ᠎ᠠ ᠬᠤᠰᠢᠭᠤ ᠨᠢ ︽2021 ᠣᠨ ᠤ ᠲᠣᠮᠳᠠᠳᠣ | ᠤᠯᠤᠰ ᠤᠨ ᠵᠣᠯ ᠵᠢᠷᠭᠠᠯᠲᠤ ᠬᠤᠲᠠ᠂ ᠦᠢᠯᠡᠰ ᠪᠣᠰᠬᠠᠵᠤ ᠣᠷᠣᠰᠢᠨ ᠠᠮᠢᠳᠣᠷᠠᠬᠤ ᠬᠠᠮᠤᠭ ᠤᠨ ᠲᠣᠬᠢᠯᠢᠭ ᠭᠠᠵᠠᠷ︾ | ᠤᠨ ᠢᠷᠠᠭᠤ ᠠᠯᠳᠠᠷ ᠢ ᠬᠦᠷᠲᠡᠵᠡᠢ᠃ | ᠡᠨᠡᠬᠦ ᠰᠢᠯᠭᠠᠷᠠᠭᠤᠯᠣᠯᠲᠠ ᠶᠢ ᠬᠢᠬᠦ ᠳᠤ ᠮᠡᠳᠡᠭᠦᠯᠦᠯᠲᠡ ᠬᠢᠬᠦ᠂ ᠲᠣᠬᠠᠢ ᠶᠢᠨ ᠭᠠᠵᠠᠷ ᠲᠤ ᠪᠠᠶᠢᠴᠠᠭᠠᠯᠲᠠ ᠬᠢᠬᠦ᠂ | ᠲᠣᠰᠬᠠᠢ ᠮᠡᠷᠭᠡᠵᠢᠯᠲᠡᠨ ᠠᠴᠠ ᠬᠢᠨᠠᠨ ᠰᠢᠯᠭᠠᠯᠲᠠ ᠬᠢᠬᠦ ᠵᠡᠷᠭᠡ ᠤᠯᠠᠨ ᠠᠯᠬᠤᠮ ᠢ ᠥᠩᠭᠡᠷᠡᠭᠡᠵᠥ ᠲᠡᠪᠰᠢᠨ | ᠣᠷᠣᠭᠰᠠᠨ ᠪᠠᠶᠢᠭ᠎ᠠ ᠶᠤᠮ᠃ ᠡᠵᠡᠨ ᠬᠤᠷᠤᠭ᠎ᠠ ᠬᠤᠰᠢᠭᠤ ᠣᠶᠢᠷ᠎ᠡ ᠶᠢᠨ ᠵᠢᠯ ᠳᠤ ᠠᠷᠠᠳ ᠲᠦᠮᠡᠨ ᠤ ᠬᠤᠲᠠ ᠨᠢ | ᠠᠷᠠᠳ ᠲᠦᠮᠡᠨ ᠤ ᠲᠦᠯᠦᠭᠡ ᠪᠠᠶᠢᠵᠤ᠂ ᠴᠢᠨᠠᠷ ᠰᠠᠶᠢᠳᠠᠢ ᠬᠥᠭᠵᠢᠯᠲᠡ ᠶᠢ ᠡᠷᠢᠯᠬᠢᠯᠡᠨ᠂ ᠠᠷᠠᠳ ᠲᠦᠮᠡᠨ ᠳᠤ ᠪᠠᠨ | ᠵᠣᠯ ᠵᠢᠷᠭᠠᠯᠲᠤ ᠬᠤᠲᠠ ᠶᠢ ᠡᠭᠦᠳᠦᠨ ᠪᠠᠶᠢᠭᠤᠯᠬᠤ ᠵᠣᠷᠢᠯᠭ᠎ᠠ ᠪᠠᠷ ᠠᠵᠢᠯ ᠢᠶᠠᠨ ᠡᠬᠢᠯᠡᠭᠦᠯᠵᠥ᠂ ᠣᠯᠣᠭᠰᠠᠨ | ᠠᠮᠵᠢᠯᠲᠠ ᠳᠤ ᠪᠠᠨ ᠤᠯᠠᠮ ᠵᠣᠷᠢᠭᠵᠢᠵᠤ᠂ ᠡᠵᠡᠨ ᠬᠤᠷᠤᠭ᠎ᠠ ᠬᠤᠰᠢᠭᠤ ᠪᠠᠨ ᠵᠣᠯ ᠵᠢᠷᠭᠠᠯᠲᠤ ᠬᠤᠲᠠ ᠶᠢᠨ ᠬᠡᠪ | ᠲᠠᠭᠤᠷᠢᠶᠠᠯ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠨ ᠠᠵᠢᠯᠯᠠᠵᠥ ᠪᠠᠶᠢᠨ᠎ᠡ᠃ | | | | | | | | |