ᠡᠵᠡᠨ ᠬᠤᠷᠤᠭ᠎ᠠ ᠬᠤᠰᠢᠭᠤ ᠮᠥᠩᠭᠦᠨ ᠬᠦᠢᠯᠭᠡᠭᠡᠨ ᠤ ᠦᠢᠯᠡᠴᠢᠯᠡᠭᠡ ᠶᠢ ᠰᠢᠯᠢᠳᠡᠭᠵᠢᠭᠦᠯᠵᠦ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠬᠦᠴᠦ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2022/10/31
     ᠤᠳᠤ ᠶᠠᠭ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠵᠠᠩᠭᠢᠯᠠᠭ᠎ᠠ ᠶᠢᠨ ᠬᠤᠭᠤᠴᠠᠭᠠᠨ ᠳᠤ ᠪᠠᠶᠢᠬᠤ ᠪᠤᠯᠬᠤᠷ᠂ ᠡᠵᠡᠨ ᠬᠤᠷᠤᠭ᠎ᠠ ᠬᠤᠰᠢᠭᠤ ᠮᠥᠩᠭᠦᠨ ᠬᠦᠢᠯᠭᠡᠭᠡᠨ ᠤ ᠳᠡᠮᠵᠢᠯᠭᠡ ᠶᠢᠨ ᠦᠢᠯᠡᠴᠢᠯᠡᠭᠡ ᠪᠠᠨ ᠴᠢᠩᠭᠠᠳᠬᠠᠵᠤ᠂ ᠲᠠᠷᠢᠶᠠᠯᠠᠩ ᠤᠨ ᠡᠳ᠋ ᠪᠠᠷᠠᠭ᠎ᠠ᠂ ᠬᠦᠢᠯᠭᠡᠭᠡ᠂ ᠬᠠᠩᠭᠠᠯᠭ᠎ᠠ ᠵᠡᠷᠭᠡ ᠡᠯ᠎ᠡ ᠭᠤᠭᠴᠤᠭ᠎ᠠ ᠶᠢᠨ ᠪᠠᠯᠠ ᠮᠥᠩᠭᠦ ᠶᠢᠨ ᠬᠡᠷᠡᠭᠴᠡᠭᠡ ᠶᠢ ᠪᠠᠲᠤᠯᠠᠵᠤ᠂ ᠲᠠᠷᠢᠶᠠᠯᠠᠩ ᠮᠠᠯ ᠠᠵᠤ ᠠᠬᠤᠶ ᠶᠢᠨ  ᠦᠢᠯᠡᠳᠪᠦᠷᠢᠯᠡᠯ ᠤᠨ ᠰᠠᠶᠢᠨ ᠰᠠᠶᠢᠬᠠᠨ ᠡᠬᠢᠯᠡᠯᠲᠡ ᠳᠤ ᠪᠥᠬᠦ  ᠲᠠᠯ᠎ᠠ ᠪᠠᠷ ᠬᠦᠴᠦ ᠨᠡᠮᠡᠷᠢᠯᠡᠵᠦ ᠪᠠᠶᠢᠨ᠎ᠠ᠃      ᠥᠷᠯᠥᠭᠡ ᠡᠷᠲᠡ᠂ ᠬᠤᠨᠢᠴᠢᠡᠭᠤᠤᠯ ᠪᠠᠯᠭᠠᠰᠤᠨ ᠤ ᠲᠡᠭᠡᠭ ᠤᠨ ᠰᠢᠯᠢ ᠲᠤᠰᠬᠤᠨ ᠤ ᠵᠢᠷᠭᠤᠳᠤᠭᠠᠷ ᠪᠠᠷᠢᠭᠠᠳᠠ ᠶᠢᠨ ᠲᠡᠵᠢᠭᠡᠨ ᠦᠷᠡᠵᠢᠭᠦᠯᠬᠦ ᠡᠷᠦᠬᠡ ᠰᠤ᠋ ᠶᠦᠨ ᠬᠤᠨᠢᠴᠢᠡᠭᠤᠤᠯ ᠲᠤᠰᠬᠤᠨ ᠤ ᠣᠷᠳᠣᠰ ᠪᠠᠩᠬᠢ ᠶᠢᠨ ᠡᠵᠡᠨ ᠬᠤᠷᠤᠭ᠎ᠠ ᠬᠤᠰᠢᠭᠤᠨ ᠤ ᠰᠠᠯᠪᠤᠷᠢ ᠪᠠᠩᠬᠢ ᠶᠢᠨ ᠲᠦᠭᠡᠮᠡᠯ ᠬᠠᠷᠠᠭᠠᠯᠵᠠᠯᠲᠤ ᠮᠥᠩᠭᠦᠨ  ᠬᠦᠢᠯᠭᠡᠭᠡᠨ ᠤ  ᠦᠢᠯᠡᠴᠢᠯᠡᠭᠡᠨ ᠤ ᠥᠷᠲᠡᠭᠡ ᠳᠤ ᠬᠦᠷᠴᠦ ᠵᠣᠭᠤᠰ ᠭᠠᠷᠭᠠᠨ ᠠᠪᠬᠤ ᠪᠠ ᠲᠠᠩᠰᠠ ᠰᠢᠯᠵᠢᠭᠦᠯᠬᠦ ᠠᠵᠢᠯ ᠢ  ᠬᠦᠢᠴᠡᠳᠬᠡᠪᠡ᠃      ᠰᠤ᠋ ᠶᠦᠨ ᠰᠤᠷᠪᠤᠯᠵᠢᠯᠠᠬᠴᠢ ᠳᠤ᠄ ︽ᠣᠷᠳᠣᠰ ᠪᠠᠩᠬᠢ ᠶᠢᠨ ᠬᠤᠨᠢᠴᠢᠡᠭᠤᠤᠯ ᠪᠠᠯᠭᠠᠰᠤᠨ ᠤ ᠦᠢᠯᠡᠴᠢᠯᠡᠭᠡᠨ ᠤ ᠥᠷᠲᠡᠭᠡ ᠨᠢ ᠬᠡᠷ ᠤᠨ ᠢᠶᠠᠨ ᠡᠭᠦᠳᠡᠨ ᠳᠤ ᠵᠣᠭᠤᠰ ᠬᠠᠳᠠᠭᠠᠯᠠᠬᠤ ᠪᠠ ᠭᠠᠷᠭᠠᠨ ᠠᠪᠬᠤ᠂ ᠲᠠᠩᠰᠠ ᠰᠢᠯᠵᠢᠭᠦᠯᠬᠦ  ᠵᠡᠷᠭᠡ ᠶᠢ ᠴᠦᠮ ᠬᠦᠢᠴᠡᠳᠬᠡᠵᠦ ᠪᠤᠯᠤᠨ᠎ᠠ  ᠂  ᠶᠡᠭᠡ ᠳᠥᠭᠦᠮ᠂ ᠦᠢᠯᠡᠴᠢᠯᠡᠬᠦ ᠣᠪᠣᠷ ᠨᠢ  ᠪᠠᠰᠠ ᠮᠠᠰᠢ ᠰᠠᠶᠢᠨ  ᠰᠢᠤ》 ᠬᠡᠵᠦ ᠪᠠᠶᠠᠷᠳᠠᠶᠢᠬᠠᠨ ᠶᠠᠷᠢᠵᠦ ᠪᠠᠶᠢᠯ᠎ᠠ᠃      ᠣᠶᠢᠯᠠᠭᠠᠭᠰᠠᠨ ᠢᠶᠠᠷ᠂ ᠬᠥᠳᠡᠭᠡ ᠲᠣᠰᠬᠤᠨ ᠤ ᠮᠥᠩᠭᠦᠨ  ᠬᠦᠢᠯᠭᠡᠭᠡᠨ ᠤ  ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾᠎ ᠢ ᠨᠡᠪᠲᠡᠷᠡᠭᠦᠯᠬᠦ ᠶᠢᠨ ᠲᠥᠯᠥᠭᠡ᠂ ᠣᠷᠳᠣᠰ ᠪᠠᠩᠬᠢ ᠶᠢᠨ ᠡᠵᠡᠨ ᠬᠤᠷᠤᠭ᠎ᠠ ᠬᠤᠰᠢᠭᠤᠨ ᠤ ᠰᠠᠯᠪᠤᠷᠢ ᠪᠠᠩᠬᠢ ᠨᠢ ᠪᠥᠬᠦ ᠬᠤᠰᠢᠭᠤᠨ ᠤ 7 ᠪᠠᠯᠭᠠᠰᠤᠨ ᠳᠤ ᠲᠦᠭᠡᠮᠡᠯ ᠬᠠᠷᠠᠭᠠᠯᠵᠠᠯᠲᠤ ᠮᠥᠩᠭᠦᠨ  ᠬᠦᠢᠯᠭᠡᠭᠡᠨ ᠤ ᠦᠢᠯᠡᠴᠢᠯᠡᠭᠡᠨ ᠤ ᠥᠷᠲᠡᠭᠡ 18 ᠪᠠᠶᠢᠭᠤᠯᠵᠤ᠂ ᠮᠠᠯᠴᠢᠨ ᠲᠠᠷᠢᠶᠠᠴᠢᠨ ᠳᠤ ᠪᠡᠯᠡᠨ ᠵᠣᠭᠤᠰ ᠤᠨ ᠭᠤᠪᠢᠭᠤᠯᠭ᠎ᠠ᠂ ᠵᠣᠭᠤᠰ ᠢᠶᠠᠨ ᠭᠠᠷᠭᠠᠨ ᠠᠪᠬᠤ᠂ ᠲᠠᠩᠰᠠ ᠰᠢᠯᠵᠢᠭᠦᠯᠦᠨ ᠵᠣᠭᠤᠰ ᠭᠤᠪᠢᠭᠤᠯᠬᠤ᠂ ᠦᠯᠡᠳᠡᠪᠦᠷᠢ ᠲᠤᠭ᠎ᠠ ᠶᠢ ᠪᠠᠶᠢᠴᠠᠭᠠᠨ ᠯᠠᠪᠯᠠᠬᠤ᠂ ᠲᠣᠭᠲᠠᠮᠠᠯ ᠪᠠ ᠠᠮᠢᠳᠤᠯᠢᠭ ᠢᠶᠠᠷ ᠬᠠᠷᠢᠯᠴᠠᠨ ᠰᠢᠯᠵᠢᠭᠦᠯᠬᠦ ᠵᠢᠴᠢ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠵᠥᠪᠯᠡᠯᠭᠡ ᠥᠭᠬᠦ ᠵᠡᠷᠭᠡ ᠦᠨᠳᠤᠰᠤᠨ ᠴᠢᠨᠠᠷᠲᠠᠶ ᠮᠥᠩᠭᠦᠨ  ᠬᠦᠢᠯᠭᠡᠭᠡᠨ ᠤ ᠦᠢᠯᠡᠴᠢᠯᠡᠭᠡ ᠬᠠᠩᠭᠠᠪᠠ᠃      ᠲᠠᠷᠠᠭᠠᠴᠢ ᠶᠢᠨ ᠠᠯᠬᠤᠮ ᠳᠤ᠂ ᠣᠷᠳᠣᠰ ᠪᠠᠩᠬᠢ ᠤᠷᠢᠬᠠᠨ ᠬᠠᠪᠤᠷ ᠤᠨ ᠠᠵᠢᠯᠯᠠᠭ᠎ᠠ ᠪᠠᠷ ᠳᠠᠮᠵᠢᠭᠤᠯᠤᠨ᠂ ᠮᠠᠯᠴᠢᠨ ᠲᠠᠷᠢᠶᠠᠴᠢᠨ ᠳᠤ ᠳᠠᠷᠢᠵᠤ ᠲᠡᠵᠢᠭᠡᠬᠦ ᠲᠤᠰᠬᠠᠶ ᠮᠡᠷᠭᠡᠵᠢᠯ ᠤᠨ ᠪᠤᠯᠪᠠᠰᠤᠷᠠᠯ ᠬᠠᠩᠭᠠᠵᠤ᠂ ᠲᠠᠷᠢᠶᠠᠯᠠᠩ ᠢ ᠲᠡᠳᠬᠦᠬᠦ ᠵᠢᠭᠡᠯᠡᠯᠭᠡ ᠲᠠᠯᠪᠢᠬᠤ ᠡᠷᠴᠢᠮ ᠢ ᠴᠢᠩᠭᠠᠷᠠᠭᠤᠯᠤᠨ᠂ ᠮᠥᠩᠭᠦᠨ  ᠬᠦᠢᠯᠭᠡᠭᠡᠨ ᠤ ᠮᠡᠳᠡᠯᠭᠡ ᠶᠢ ᠬᠥᠳᠡᠭᠡ ᠲᠣᠰᠬᠤᠨ ᠳᠤ ᠬᠦᠷᠭᠡᠬᠦ ᠵᠡᠷᠭᠡ ᠲᠠᠷᠢᠶᠠᠴᠢᠳ ᠲᠤ ᠠᠰᠢᠭ ᠬᠦᠷᠲᠡᠭᠡᠬᠦ ᠦᠢᠯᠡᠴᠢᠯᠡᠭᠡ ᠶᠢ  ᠦᠷᠨᠢᠬᠦᠯᠬᠦ ᠪᠠᠷ ᠪᠠᠶᠢᠨ᠎ᠠ᠃      ᠲᠦᠭᠡᠮᠡᠯ ᠬᠠᠷᠠᠭᠠᠯᠵᠠᠯᠲᠤ ᠮᠥᠩᠭᠦᠨ ᠬᠦᠢᠯᠭᠡᠭᠡᠨ ᠤ ᠦᠢᠯᠡᠴᠢᠯᠡᠭᠡᠨ ᠤ ᠥᠷᠲᠡᠭᠡ ᠪᠣᠯ ᠡᠵᠡᠨ ᠬᠤᠷᠤᠭ᠎ᠠ ᠬᠤᠰᠢᠭᠤᠨ ᠤ ᠮᠥᠩᠭᠦᠨ ᠬᠦᠢᠯᠭᠡᠭᠡᠨ ᠤ ᠰᠠᠯᠠᠭ᠎ᠠ ᠮᠥᠴᠢᠷ ᠤᠨ ᠲᠠᠷᠢᠶᠠᠯᠠᠩ ᠢ ᠲᠤᠰᠠᠯᠠᠬᠤ ᠦᠢᠯᠡᠴᠢᠯᠡᠭᠡᠨ ᠤ  ᠬᠤᠷᠢᠶᠠᠩᠭᠤᠶ ᠳᠦᠷᠰᠦ ᠶᠢᠨ ᠨᠢᠭᠡ ᠪᠣᠯᠤᠨ᠎ᠠ᠃ ᠡᠨᠡ ᠵᠢᠯ ᠠᠴᠠ ᠨᠠᠭᠠᠰᠢ᠂ ᠪᠥᠬᠦ ᠬᠤᠰᠢᠭᠤᠨ ᠤ ᠮᠥᠩᠭᠦᠨ ᠬᠦᠢᠯᠭᠡᠭᠡᠨ ᠤ ᠰᠠᠯᠠᠭ᠎ᠠ ᠮᠥᠴᠢᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠭᠤᠤᠯᠳᠠᠯᠭ᠎ᠠ ᠶᠢᠨ ᠲᠣᠭᠤᠷᠢᠨ ᠳᠤ᠂ ᠭᠤᠤᠯᠳᠠᠯᠭ᠎ᠠ ᠲᠠᠢ ᠠᠵᠤ ᠦᠢᠯᠡᠰ ᠪᠠ ᠠᠵᠤ ᠠᠬᠤᠶᠢᠯᠠᠯ ᠢ ᠳᠣᠪᠤᠶᠢᠯᠭᠠᠵᠤ᠂  ᠦᠢᠯᠡᠴᠢᠯᠡᠭᠡᠨ ᠤ ᠲᠥᠯᠥᠪᠯᠡᠭᠡ ᠶᠢ  ᠲᠤᠬᠳᠠᠭᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ  ᠦᠢᠯᠡᠴᠢᠯᠡᠬᠦ ︽ᠬᠠᠮᠲᠤᠷᠠᠯ ᠬᠦᠴᠦᠨ︾᠎ ᠢ ᠲᠠᠰᠤᠷᠠᠯᠲᠠ ᠥᠬᠡᠶ ᠴᠢᠩᠭᠠᠳᠬᠠᠪᠠ᠃      ᠰᠤᠷᠪᠤᠯᠵᠢᠯᠠᠭᠴᠢ ᠡᠵᠡᠨ ᠬᠤᠷᠤᠭ᠎ᠠ ᠶᠢᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠶᠢᠨ ᠬᠤᠨᠢᠴᠢᠡᠭᠤᠤᠯ ᠤᠨ ᠰᠠᠯᠪᠤᠷᠢ ᠪᠠᠩᠬᠢ ᠳᠤ ᠬᠦᠷᠬᠦ ᠳᠤ᠂ ᠬᠤᠨᠢᠴᠢᠡᠭᠤᠤᠯ ᠪᠠᠯᠭᠠᠰᠤᠨ ᠤ ᠪᠠᠶ ᠭᠧ ᠵᠧᠨ ᠲᠣᠰᠬᠤᠨ ᠤ ᠳᠥᠷᠪᠡᠳᠦᠭᠡᠷ ᠬᠤᠷᠰᠢᠶᠠᠨ ᠤ ᠳᠠᠷᠢᠵᠤ  ᠲᠡᠵᠢᠭᠡᠨ ᠦᠷᠡᠵᠢᠬᠦᠯᠬᠦ ᠲᠣᠮᠣ ᠡᠷᠦᠬᠡ ᠱᠠᠩ ᠴᠧᠩ ᠸᠧᠶ ᠶᠠᠭ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠦ ᠮᠦᠩᠬᠦ ᠶᠢ ᠨᠢ ᠤᠷᠤᠯᠠᠨ ᠲᠤᠰᠢᠶᠠᠬᠤ ᠵᠢᠭᠡᠯᠡᠯᠭᠡ ᠪᠠᠨ ᠬᠦᠢᠴᠡᠳᠬᠡᠵᠦ ᠪᠠᠶᠢᠬᠤ ᠲᠠᠢ ᠲᠠᠭᠠᠷᠠᠯᠳᠤᠪᠠ᠃ ᠱᠠᠩ ᠴᠧᠩ ᠸᠧᠢ ᠰᠤᠷᠪᠤᠯᠵᠢᠯᠠᠬᠴᠢ ᠳᠤ᠄ ︽ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠶᠢᠨ ᠵᠢᠭᠡᠯᠡᠯᠭᠡ ᠠᠪᠬᠤ ᠳᠤ ᠮᠠᠰᠢ ᠲᠥᠬᠦᠮ᠂ ᠪᠢ ᠡᠨᠡ ᠵᠢᠯ  20 ᠲᠦᠮᠡᠨ ᠲᠥᠭᠦᠷᠢᠭ ᠵᠢᠭᠡᠯᠡᠵᠦ᠂ ᠲᠠᠷᠢᠶᠠᠨ ᠦᠷ᠎ᠡ᠂ ᠬᠢᠮᠢ ᠶᠢᠨ ᠪᠣᠷᠲᠣᠭᠤᠷ ᠬᠤᠳᠠᠯᠳᠤᠨ ᠠᠪᠬᠤ ᠳᠤᠲᠠᠭᠤᠳᠠᠯ ᠎ ᠢᠶᠠᠨ ᠰᠢᠢᠳᠪᠤᠷᠢᠯᠡᠯ᠎ᠠ》ᠭᠡᠵᠤ  ᠲᠠᠶᠢᠯᠪᠤᠷᠢᠯᠠᠵᠤ ᠶᠠᠷᠢᠨ᠎ᠠ᠃      ᠤᠢᠢᠯᠠᠭᠠᠭᠰᠠᠨ ᠢᠶᠠᠷ᠂ ᠡᠨᠡ ᠵᠢᠯ ᠤᠨ ᠬᠠᠪᠤᠷ ᠤᠨ ᠤᠯᠠᠷᠢᠯ ᠤᠷᠤᠮᠠᠭᠴᠠ᠂ ᠡᠵᠡᠨ ᠬᠤᠷᠤᠭ᠎ᠠ ᠬᠤᠰᠢᠭᠤᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ ᠪᠦᠬᠦ ᠬᠤᠰᠢᠭᠤᠨ ᠤ ︽ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ︾᠎ ᠤ ᠪᠡᠯᠡ ᠮᠥᠩᠭᠦ ᠴᠤᠭᠯᠠᠭᠤᠯᠬᠤ ᠬᠡᠷᠡᠭᠴᠡᠭᠡ ᠶᠢ ᠴᠠᠭ ᠲᠤᠬᠠᠢ ᠎ ᠳᠤ ᠨᠢ ᠣᠶᠢᠯᠠᠭᠠᠬᠤ ᠶᠢᠨ ᠬᠠᠮᠲᠤ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠤᠶᠢᠯᠡᠴᠢᠯᠡᠭᠡ ᠶᠢ ᠴᠠᠭ ᠲᠤᠬᠠᠢ ᠳᠤ ᠨᠢ ᠬᠦᠷᠭᠡᠨ ᠦᠭᠴᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠤ ᠲᠠᠷᠢᠶᠠᠯᠠᠩ ᠳᠤ ᠬᠤᠯᠪᠣᠭᠳᠠᠬᠤ ᠵᠢᠭᠡᠯᠡᠯᠭᠡ ᠳᠤ ᠳᠡᠮᠵᠢᠯᠭᠡ ᠦᠵᠡᠭᠦᠯᠬᠦ ᠡᠷᠴᠢᠮ ᠢᠶᠠᠨ ᠴᠢᠩᠭᠠᠷᠠᠭᠤᠯᠬᠤ ᠶᠢ ᠵᠣᠷᠢᠭᠵᠢᠭᠤᠯᠵᠤ᠂ ᠬᠠᠪᠤᠷ ᠤᠨ ᠤᠯᠠᠷᠢᠯ ᠤᠨ ᠢᠲᠡᠭᠡᠮᠵᠢᠲᠦ ᠵᠢᠭᠡᠯᠡᠯᠭᠡ ᠶᠢᠨ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠢ ᠪᠠᠳᠤᠯᠠᠵᠤ ᠪᠠᠶᠢᠨ᠎ᠠ᠃ 2 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ ᠲᠠᠷᠢᠶᠠᠯᠠᠩ ᠳᠤ ᠬᠤᠯᠪᠣᠭᠳᠠᠭᠰᠠᠨ ᠵᠢᠭᠡᠯᠡᠯᠭᠡ ᠶᠢᠨ ᠦᠯᠡᠳᠡᠪᠦᠷᠢ ᠨᠢ 123 . 49 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 12 . 58 ᠳ᠋ᠦᠩᠰᠢᠭᠤᠷ ᠲᠥᠭᠦᠷᠢᠭ  ᠂ 11 . 34 %᠎ ᠪᠠᠷ ᠨᠡᠮᠡᠭᠳᠡᠪᠡ᠃        
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号