| ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠫᠠᠨ ᡁᠢ ᠹᠧᠩ ᠨᠡᠷ ᠮᠠᠨ ᠤ ᠬᠤᠰᠢᠭᠤᠨ ᠳᠤ ᠢᠷᠡᠵᠦ ᠲᠤᠭ᠎ᠠ | ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ | ᠃ ᠬᠤᠲᠠ᠂ ᠬᠤᠰᠢᠭᠤᠨ ᠤ ᠤᠳᠤᠷᠢᠳᠤᠯᠭ᠎ᠠ ᠬᠤᠸᠠ ᠷᠦᠢ ᠹᠸᠡᠭ᠂ ᠯᠢᠦ ᠹᠸᠡᠭ ᠶᠦᠨ᠂ ᠡᠤ ᠶᠦᠨ᠂ ᠨᠢ ᠬᠤᠩ᠂ | ᠮᠡᠨᠳᠦᠪᠠᠶᠠᠷ᠂ ᠯᠢ ᠬᠦᠶ ᠵᠢᠴᠢ ᠬᠤᠲᠠ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠲᠣᠰ ᠲᠣᠰ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ᠫᠠᠨ ᡁᠢ ᠹᠧᠩ ᠨᠠᠷ ᠤᠷᠢᠳ ᠬᠤᠵᠢᠳ ᠲᠡᠭᠷᠢᠯᠢᠭ ᠤᠷᠤᠨ ᠤ ᠤᠯᠠᠨ ᠲᠠᠶᠠᠭᠠᠷ ᠢᠶᠠᠨ ᠦᠢᠯᠡᠰ ᠪᠦᠳᠦᠭᠡᠬᠦ | ᠬᠦᠷᠢᠶᠡᠯᠡᠩ᠂ ᠠᠯᠳᠠᠨᠰᠢᠷᠡᠭᠡ ᠪᠠᠯᠭᠠᠰᠤᠨ ᠤ ᠸᠠᠩ ᠤᠨ ᠤᠷᠳᠤᠨ ᠵᠠᠮ ᠨᠡᠶᠢᠭᠡᠮ ᠲᠣᠭᠤᠷᠢᠭ ᠵᠡᠷᠭᠡ ᠭᠠᠵᠠᠷ ᠲᠤ | ᠬᠦᠷᠴᠦ᠂ ᠬᠦᠷᠢᠶᠡᠯᠡᠩ ᠳᠤ ᠤᠷᠤᠭᠰᠠᠠ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠡᠭᠡ ᠲᠠᠩᠰᠠ | ᠪᠠᠶᠢᠭᠤᠯᠤᠭᠰᠠᠨ᠂ ᠦᠢᠯᠡᠳᠪᠦᠷᠢᠯᠡᠯ ᠤᠨ ᠠᠵᠢᠯᠯᠠᠭᠠᠨ ᠤ ᠪᠠᠶᠢᠳᠠᠯ ᠪᠣᠯᠤᠨ ᠨᠡᠶᠢᠭᠡᠮ ᠲᠣᠭᠤᠷᠢᠭ ᠤᠨ ᠦᠨᠳᠦᠰᠦᠨ | ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ᠤᠳᠤ ᠶᠢᠨ ᠬᠡᠷᠡᠭᠵᠢᠭᠦᠯᠵᠦ ᠪᠠᠶᠢᠭ᠎ᠠ ᠲᠣᠭᠲᠠᠴᠠ ᠶᠢ ᠭᠦᠨᠵᠡᠭᠡᠢ | ᠣᠶᠢᠯᠠᠭᠠᠵᠤ᠂ ᠲᠤᠭ᠎ᠠ ᠪᠦᠷᠢᠳᠬᠡᠯ ᠤᠨ ᠲᠠᠩᠰᠠ ᠡᠪᠬᠡᠮᠡᠯ᠂ ᠲᠤᠭ᠎ᠠ ᠪᠦᠷᠢᠳᠬᠡᠯ ᠤᠨ ᠠᠵᠢᠯ ᠤᠨ ᠡᠭᠡ ᠲᠠᠩᠰᠠ | ᠵᠢᠴᠢ ᠲᠤᠭ᠎ᠠ ᠪᠦᠷᠢᠳᠬᠡᠯ ᠤᠨ ᠨᠡᠷᠡᠰ ᠤᠨ ᠬᠥᠮᠥᠷᠭᠡ ᠵᠡᠷᠭᠡ ᠶᠢ ᠲᠤᠬᠠᠢ ᠶᠢᠨ ᠭᠠᠵᠠᠷ ᠲᠤ ᠨᠢ ᠪᠠᠶᠢᠴᠠᠭᠠᠨ ᠦᠵᠡᠵᠦ᠂ | ᠲᠤᠭ᠎ᠠ ᠪᠦᠷᠢᠳᠬᠡᠯ ᠤᠨ ᠠᠵᠢᠯ ᠤᠨ ᠦᠷᠳᠡᠭᠡ ᠶᠢᠨ ᠠᠵᠢᠯ ᠤᠨ ᠠᠭᠤᠯᠭ᠎ᠠ ᠪᠣᠯᠤᠨ ᠠᠷᠭ᠎ᠠ ᠬᠡᠯᠪᠡᠷᠢ᠂ ᠠᠵᠢᠯᠳᠠᠨ | ᠲᠤᠨᠤᠭ ᠲᠥᠬᠦᠭᠡᠷᠦᠮᠵᠢ ᠶᠢᠨ ᠲᠤᠬᠢᠷᠠᠭᠤᠯᠤᠯᠳᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | ᠫᠠᠨ ᡁᠢ ᠹᠧᠩ ᠮᠠᠨ ᠤ ᠬᠤᠰᠢᠭᠤᠨ ᠤ ᠲᠤᠭ᠎ᠠ ᠪᠦᠷᠢᠳᠬᠡᠯ ᠤᠨ ᠠᠵᠢᠯ ᠢ ᠬᠦᠢᠴᠡᠳ ᠨᠤᠲᠠᠯᠠᠪᠠ᠃ ᠲᠡᠷᠡ | ᠵᠢᠭᠠᠵᠦ ᠭᠠᠷᠭᠠᠬᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠤᠨ ᠬᠢᠨ ᠲᠤᠭ᠎ᠠ | ᠪᠦᠷᠢᠳᠬᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠭ᠎ᠠ ᠪᠦᠷᠢᠳᠬᠡᠯ ᠤᠨ ᠠᠵᠢᠯ ᠤᠨ ᠲᠤᠬᠠᠶ | ᠨᠠᠮ ᠤᠨ ᠲᠥᠪ ᠬᠤᠷᠢᠶᠠᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ︽ᠦᠨᠳᠦᠰᠦᠨ ᠱᠠᠲᠤᠨ ᠤ | ᠲᠤᠭ᠎ᠠ ᠪᠦᠷᠢᠳᠬᠡᠯ ᠤᠨ ᠠᠵᠢᠯ ᠢ ᠠᠬᠢᠭᠤᠯᠬᠤ ᠶᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠤᠨ ᠱᠠᠭᠠᠷᠳᠠᠯᠭ᠎ᠠ ᠶᠢ | ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠡᠷᠢᠭᠦᠨ ᠤ ᠭᠠᠵᠠᠷ ᠣᠷᠣᠨ ᠤ ᠰᠠᠶᠢᠨ ᠲᠤᠷᠰᠢᠯᠭ᠎ᠠ᠂ | ᠰᠠᠶᠢᠨ ᠠᠷᠭ᠎ᠠ ᠪᠠᠷᠢᠯ ᠢ ᠢᠳᠡᠪᠬᠢᠲᠡᠶ ᠰᠤᠷᠤᠯᠴᠠᠨ ᠲᠣᠯᠢᠯᠠᠵᠤ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ | ᠰᠠᠭᠤᠷᠢ ᠪᠦᠲᠦᠭᠡᠨ ᠪᠠᠶᠢᠭᠤᠯᠤᠯᠲᠠ ᠶᠢᠨ ᠠᠵᠢᠯ ᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠬᠤ ᠪᠠᠷ ᠴᠢᠷᠮᠠᠶᠢᠬᠤ | ᠬᠡᠷᠡᠭᠲᠡᠶ᠃ ᠬᠦᠷᠢᠶᠡᠯᠡᠩ ᠳᠤ ᠤᠷᠤᠭᠰᠠᠨ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯᠲᠠᠨ ᠤ | ᠪᠤᠯᠪᠠᠰᠤᠷᠠᠯ ᠢ ᠴᠢᠩᠭᠠᠳᠬᠠᠵᠤ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯ ᠢ ᠤᠯᠠᠮ ᠨᠢᠭᠡ ᠠᠯᠬᠤᠮ | ᠵᠢᠷᠤᠮᠵᠢᠭᠤᠯᠤᠨ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠰᠦᠪᠡᠭᠴᠢᠯᠡᠬᠦ ᠳᠤ | ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠪᠡ᠃ | | | | | | | | |