ᠡᠵᠡᠨ ᠬᠤᠷᠤᠭ᠎ᠠ ᠬᠤᠰᠢᠭᠤ 500 ᠲᠦᠮᠡᠨ ᠲᠥᠭᠦᠷᠢᠭ ᠤᠨ ᠦᠷᠳᠡᠭ ᠪᠦᠬᠦᠢ ᠡᠯᠧᠺᠲᠷᠣᠨ ᠵᠤᠭᠤᠰᠤᠨ ᠲᠡᠮᠳᠡᠭ ᠲᠠᠷᠬᠠᠭᠠᠨ ᠠᠷᠠᠳ ᠲᠦᠮᠡᠨ ᠳᠤ  ︽ᠰᠢᠨ᠎ᠠ ᠶᠢᠨ ᠪᠡᠯᠡᠭ︾ ᠪᠤᠯᠭᠠᠭᠰᠠᠨ ᠪᠠᠶᠢᠨ᠎ᠠ
ᠨᠡᠶᠢᠲᠡᠯᠡᠭᠰᠡᠨ ᠴᠠᠭ᠄
2022/10/31
    ᠤᠶᠢᠷ᠎ᠠ ᠳᠤ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠥᠬᠦ ᠬᠤᠰᠢᠭᠤᠨ ᠤ ᠣᠲᠣ ᠦᠶ᠎ᠡ ᠶᠢᠨ ᠤᠶᠢᠯᠡᠴᠢᠯᠡᠭᠡᠨ ᠤ ᠤᠶᠢᠯᠡᠰ ᠤᠨ ᠬᠦᠷᠢᠶᠡᠨ ᠳᠠᠬᠢ ᠡᠯ᠎ᠡ ᠲᠣᠮᠣ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂  ᠵᠢᠵᠢᠭ ᠳᠡᠯᠭᠡᠭᠦᠷ᠂ ᠢᠳᠡᠭᠡᠨ ᠤᠮᠳᠠᠭᠠᠨ ᠤ ᠲᠡᠯᠭᠡᠬᠦᠷ᠂ ᠵᠤᠴᠢᠳ ᠤᠨ ᠪᠠᠭᠤᠳᠠᠯ ᠵᠡᠷᠭᠡ ᠲᠠᠯᠠᠪᠤᠷ ᠲᠤ 500 ᠲᠦᠮᠡᠨ ᠲᠥᠭᠦᠷᠢᠭ ᠤᠨ ᠦᠷᠳᠡᠭ ᠪᠦᠬᠦᠢ ᠡᠯᠧᠺᠲᠷᠣᠨ ᠵᠤᠭᠤᠰᠤᠨ ᠲᠡᠮᠳᠡᠭ  ᠲᠠᠷᠬᠠᠭᠠᠵᠤ᠂ ︽ᠡᠵᠡᠨ ᠬᠤᠷᠤᠭ᠎ᠠ ᠬᠤᠰᠢᠭᠤᠨ ᠤ 2022 ᠣᠨ ᠤ ᠴᠠᠭᠠᠨ ᠰᠠᠷ᠎ᠠ ᠶᠢ ᠤᠭᠲᠤᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠡᠷᠡᠭᠯᠡᠭᠡ ᠶᠢ ᠠᠬᠢᠭᠤᠯᠬᠤ︾ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠡᠷᠴᠢᠮ ᠲᠠᠢ ᠦᠷᠨᠢᠬᠦᠯᠪᠠ᠃   ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠬᠡᠷᠡᠭᠯᠡᠭᠡ ᠶᠢ ᠦᠷᠭᠦᠯᠵᠢᠯᠡᠨ ᠰᠡᠷᠭᠦᠭᠡᠬᠦ ᠶᠢ ᠠᠬᠢᠭᠤᠯᠬᠤ ᠲᠤᠬᠠᠶ ᠰᠢᠢᠳᠪᠤᠷᠢᠳᠤ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠡᠵᠡᠨ ᠬᠤᠷᠤᠭ᠎ᠠ ᠬᠤᠰᠢᠭᠤ ᠴᠠᠭᠠᠨ ᠰᠠᠷ᠎ᠠ ᠶᠢᠨ ᠤᠯᠠᠮᠵᠢᠯᠠᠯᠲᠤ ᠪᠠᠶᠠᠷ ᠤᠨ ᠡᠳᠦᠷ ᠤᠨ ᠬᠡᠷᠡᠭᠯᠡᠭᠡ ᠶᠢᠨ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠭᠰᠡᠨ ᠤᠷᠢᠲᠠᠯ ᠳᠤᠤᠷ᠎ᠠ᠂ ᠬᠡᠷᠡᠭᠯᠡᠭᠡᠨ ᠤ ᠬᠠᠯᠠᠮᠰᠢᠯ ᠴᠡᠭ ᠪᠠ ᠨᠡᠮᠡᠭᠳᠡᠯ ᠤᠨ ᠴᠡᠭ ᠢ ᠤᠯᠠᠮ ᠨᠢᠭᠡ ᠠᠯᠬᠤᠮ ᠠᠭᠤᠳᠠᠯᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾᠎ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠴᠠᠭᠠᠨ ᠰᠠᠷ᠎ᠠ ᠶᠢ ᠤᠭᠲᠤᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠡᠷᠡᠭᠯᠡᠭᠡ ᠶᠢ ᠠᠬᠢᠭᠤᠯᠬᠤ ᠲᠠᠯ᠎ᠠ ᠪᠠᠷ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠥᠷᠨᠢᠭᠦᠯᠪᠡ᠃    ᠴᠠᠭᠠᠨ ᠰᠠᠷ᠎ᠠ ᠪᠣᠯᠬᠤ ᠪᠦᠷᠢ᠂ ᠵᠡᠭᠡᠯᠢ ᠲᠤᠭᠤᠷᠢᠵᠤ ᠡᠳ᠋ ᠪᠤᠳᠠᠰ᠂ ᠢᠳᠡᠭᠡᠨ ᠤᠮᠳᠠᠭᠠᠨ ᠬᠤᠳᠠᠯᠳᠤᠨ ᠠᠪᠬᠤ ᠪᠣᠯ ᠡᠵᠡᠨ ᠬᠤᠷᠤᠭ᠎ᠠ ᠬᠤᠰᠢᠭᠤᠨ ᠤ ᠬᠥᠮᠦᠰ ᠤᠨ ᠳᠠᠳᠬᠠᠯ  ᠪᠠᠶᠢᠵᠤ᠂ ᠦᠷᠯᠤᠭᠡ ᠡᠷᠳᠡ ᠠᠴᠠ ᠡᠯ᠎ᠡ ᠲᠡᠯᠭᠡᠬᠦᠷ᠂ ᠬᠤᠳᠠᠯᠳᠤᠭᠠᠨ ᠤ ᠵᠠᠬ᠎ᠠ ᠶᠡᠭᠡ ᠬᠦᠭᠵᠢᠶᠡᠨ ᠲᠠᠢ ᠪᠠᠶᠢᠪᠠ᠃ ᠢ ᠱᠠᠩ ᠺᠧ ᠬᠡᠲᠦ ᠳᠡᠯᠭᠡᠭᠦᠷ ᠤᠨ ᠬᠠᠷᠢᠭᠤᠴᠠᠯᠭᠠᠲᠠᠨ ᠠᠴᠠ᠄ ︽ᠲᠠᠪᠤᠨ ᠡᠳᠦᠷ ᠤᠨ ᠲᠤᠷᠰᠢ᠂ ᠳᠡᠯᠭᠡᠭᠦᠷ ᠤᠨ ᠡᠵᠡᠩᠨᠡᠯᠲᠡ ᠶᠢᠨ ᠬᠡᠮᠵᠢᠶ᠎ᠡ 132 ᠲᠦᠮᠡᠨ ᠲᠥᠭᠦᠷᠢᠭ ᠲᠤ ᠬᠦᠷᠴᠦ᠂ ᠡᠵᠡᠩᠨᠡᠯᠲᠡ ᠶᠢᠨ ᠬᠡᠮᠵᠢᠶ᠎ᠡ ᠣᠷᠭᠢᠯ ᠳᠠᠭᠠᠨ ᠲᠤᠯᠵᠤ᠂ ᠬᠡᠲᠦ ᠳᠡᠯᠭᠡᠭᠦᠷ ᠣᠯᠠᠨ ᠠᠰᠢᠭ ᠬᠦᠷᠳᠡᠯ᠎ᠡ︾ ᠭᠡᠮᠡᠨ ᠢᠯᠡᠳᠭᠡᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠤᠷᠳᠤᠰ ᠤᠨ ᠮᠠᠯ ᠲᠠᠷᠢᠶᠠᠯᠠᠩ ᠤᠨ ᠣᠨᠴᠠ ᠭᠠᠷᠤᠯᠲᠠ ᠶᠢᠨ ᠳᠡᠯᠭᠡᠭᠦᠷ ᠤᠨ ᠡᠵᠡᠩᠨᠡᠭᠴᠢ ᠠᠴᠠ᠄ ︽ᠡᠯᠧᠺᠲᠷᠣᠨ ᠵᠤᠭᠤᠰᠤᠨ ᠲᠡᠮᠳᠡᠭ ᠤᠨ ᠲᠠᠷᠬᠠᠭᠠᠯᠲᠠ ᠨᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠪᠣᠷᠣᠯᠠᠭᠤᠯᠭ᠎ᠠ ᠶᠢ ᠳᠠᠶᠢᠴᠢᠯᠠᠵᠤ ᠂ ᠨᠢᠭᠡ ᠡᠳᠦᠷ ᠤᠨ ᠪᠣᠷᠣᠯᠠᠭᠤᠯᠤᠯᠲᠠ ᠶᠢᠨ ᠣᠷᠣᠯᠭ᠎ᠠ ᠨᠢ ᠤᠤᠯ ᠤᠨ 5 ᠳᠠᠬᠢᠨ ᠪᠤᠯᠵᠤ᠂ ᠡᠯᠧᠺᠲᠷᠣᠨ ᠵᠤᠭᠤᠰᠤᠨ ᠲᠡᠮᠳᠡᠭ ᠨᠢ ᠣᠷᠳᠣᠰ ᠤᠨ ᠨᠤᠲᠤᠭ ᠤᠨ ᠠᠵᠤ ᠠᠬᠤᠶᠢᠯᠠᠯ ᠢ ᠬᠠᠪᠰᠤᠷᠤᠨ ᠲᠡᠳᠬᠦᠭᠰᠡᠨ ᠢᠶᠠᠷ ᠪᠠᠷᠠᠬᠤ ᠥᠬᠡᠶ ᠮᠠᠯᠴᠢᠨ ᠲᠠᠷᠢᠶᠠᠴᠢᠨ ᠪᠣᠯᠤᠨ ᠣᠷᠣᠯᠭ᠎ᠠ ᠪᠠᠭᠠᠲᠠᠶ ᠬᠥᠮᠦᠰ ᠢ ᠬᠠᠪᠰᠤᠷᠤᠨ ᠲᠡᠳᠬᠦᠵᠤ ᠴᠢᠳᠠᠯ᠎ᠠ᠂ ᠡᠨᠡ ᠪᠣᠯ ᠠᠷᠠᠳ ᠲᠤ ᠠᠰᠢᠭ ᠬᠦᠷᠲᠡᠭᠡᠬᠦ ᠰᠠᠶᠢᠨ ᠶᠠᠪᠤᠳᠠᠯ ᠪᠤᠯᠤᠨ᠎ᠠ︾  ᠭᠡᠮᠡᠨ ᠢᠯᠡᠳᠭᠡᠭᠰᠡᠨ ᠪᠠᠶᠢᠨ᠎ᠠ᠃ ᠲᠤᠰ ᠡᠯᠧᠺᠲᠷᠣᠨ ᠵᠤᠭᠤᠰᠤᠨ ᠲᠡᠮᠳᠡᠭ ᠢ ᠵᠣᠭᠤᠰ ᠬᠤᠷᠢᠶᠠᠬᠤ ᠲᠠᠪᠴᠠᠩ ᠤᠨ ᠡᠮᠦᠨ᠎ᠡ ᠳ᠋ᠦᠩᠨᠡᠨ ᠪᠤᠳᠤᠬᠤ ᠳᠤ ᠪᠠᠨ ᠰᠢᠭᠤᠳ ᠭᠡᠷᠡᠭᠯᠡᠵᠦ ᠪᠤᠯᠳᠠᠭ ᠪᠤᠯᠬᠤᠷ ᠠᠷᠠᠳ ᠲᠤ ᠶᠡᠭᠡ ᠲᠦᠬᠦᠮ ᠦᠵᠡᠬᠦᠯᠵᠦ᠂ ᠦᠨᠡᠨ ᠬᠦ ᠠᠰᠢᠭ ᠬᠦᠷᠳᠡᠭᠡᠭᠰᠡᠨ ᠪᠠᠶᠢᠨ᠎ᠠ᠃   ᠠᠵᠢᠯᠯᠠᠭ᠎ᠠ ᠨᠢ ᠶᠠᠪᠤᠭᠳᠠᠭᠠᠳ ᠲᠠᠪᠤᠨ ᠡᠳᠦᠷ ᠤᠨ ᠳᠣᠲᠣᠷ᠎ᠠ᠂ 500 ᠲᠦᠮᠡᠨ ᠲᠥᠭᠦᠷᠢᠭ ᠤᠨ ᠡᠯᠧᠺᠲᠷᠣᠨ ᠵᠤᠭᠤᠰᠤᠨ ᠲᠡᠮᠳᠡᠭ ᠢ ᠲᠠᠷᠬᠠᠭᠠᠨ ᠲᠠᠭᠤᠰᠬᠠᠵᠤ᠂ ᠨᠡᠶᠢᠲᠡ 1023 ᠠᠵᠤ ᠠᠬᠤᠶᠢᠯᠠᠯ ᠪᠠ ᠬᠤᠪᠢ ᠶᠢᠨ ᠤᠶᠢᠯᠡᠳᠪᠤᠷᠢ ᠬᠤᠳᠠᠯᠳᠤᠭᠠᠨ ᠤ ᠡᠷᠦᠬᠡ ᠶᠢ ᠬᠠᠮᠤᠷᠤᠨ᠂ 58000 ᠭᠠᠷᠤᠶ ᠬᠥᠮᠦᠨ ᠤᠳᠠᠭ᠎ᠠ ᠣᠷᠣᠯᠴᠠᠪᠠ᠃ ᠡᠯᠧᠺᠲᠷᠣᠨ ᠵᠤᠭᠤᠰᠤᠨ ᠲᠡᠮᠳᠡᠭ ᠢ 329 ᠲᠦᠮᠡᠨ ᠲᠥᠭᠦᠷᠢᠭ ᠬᠡᠷᠡᠭᠯᠡᠵᠦ᠂ ᠬᠡᠷᠡᠭᠯᠡᠭᠡ ᠶᠢ 3400 ᠭᠠᠷᠤᠢ ᠲᠦᠮᠡᠨ ᠲᠥᠭᠦᠷᠢᠭ ᠲᠠᠶᠢᠴᠢᠯᠠᠨ᠂ ᠡᠭᠦᠨ ᠳᠤ ᠰᠠᠭᠤᠭᠠᠯᠢ ᠠᠷᠠᠳ ᠤᠨ ᠬᠡᠷᠡᠭᠯᠡᠭᠡ ᠶᠢ 2248 ᠲᠦᠮᠡᠨ ᠲᠥᠭᠦᠷᠢᠭ ᠰᠢᠭᠤᠳ ᠲᠠᠶᠢᠴᠢᠯᠠᠵᠤ ᠴᠢᠳᠠᠭᠰᠠᠨ ᠪᠠᠶᠢᠨ᠎ᠠ᠃    ᠣᠶᠢᠷ᠎ᠠ ᠶᠢᠨ ᠵᠢᠯ ᠠᠴᠠ ᠨᠠᠭᠠᠰᠢ᠂ ᠡᠵᠡᠨ ᠬᠤᠷᠤᠭ᠎ᠠ ᠬᠤᠰᠢᠭᠤ ᠰᠠᠭᠤᠭᠠᠯᠢ ᠠᠷᠠᠳ ᠤᠨ ᠬᠡᠷᠡᠭᠯᠡᠭᠡᠨ ᠤ ᠳᠠᠳᠬᠠᠯ ᠤᠨ ᠬᠤᠪᠢᠷᠠᠯᠲᠠ ᠪᠣᠯᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠬᠡᠷᠡᠭᠴᠡᠭᠡ ᠳᠤ ᠵᠣᠬᠢᠴᠠᠭᠤᠯᠬᠤ ᠶᠢᠨ ᠲᠥᠯᠥᠭᠡ᠂ ᠵᠣᠬᠢᠶᠠᠨ ᠪᠠᠶᠢᠭᠤᠯᠵᠤ ᠵᠣᠬᠢᠴᠠᠭᠤᠯᠬᠤ ᠪᠠᠨ ᠦᠨᠡᠨ ᠬᠦ ᠴᠢᠩᠭᠠᠳᠬᠠᠵᠤ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠢᠲᠡᠭᠡᠯ ᠵᠣᠷᠢᠭ ᠢᠶᠠᠨ ᠬᠥᠪᠴᠢᠯᠡᠵᠦ᠂ ᠪᠣᠬᠢᠷᠲᠤᠯ ᠥᠬᠡᠶ ᠬᠡᠷᠡᠭᠯᠡᠭᠡ ᠶᠢ ᠢᠳᠡᠪᠬᠢᠲᠡᠶ ᠬᠥᠭᠵᠢᠭᠦᠯᠵᠦ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠦᠴᠢᠷᠳᠡᠯ ᠢ ᠰᠢᠢᠳᠪᠤᠷᠢᠯᠡᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠦᠴᠢᠷᠳᠡᠯᠲᠡᠶ ᠣᠯᠠᠨ ᠲᠦᠮᠡᠨ ᠵᠡᠷᠭᠡ ᠬᠥᠮᠦᠰ ᠤᠨ ᠦᠨᠳᠦᠰᠦᠨ ᠠᠮᠢᠳᠤᠷᠠᠯ ᠤᠨ ᠬᠡᠷᠡᠭᠯᠡᠭᠡ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃    ᠲᠠᠷᠠᠭᠠᠴᠢ ᠶᠢᠨ ᠠᠯᠬᠤᠮ ᠳᠤ᠂ ᠡᠵᠡᠨ ᠬᠤᠷᠤᠭ᠎ᠠ ᠬᠤᠰᠢᠭᠤᠨ ᠤ ᠣᠲᠣ ᠦᠶ᠎ᠡ ᠶᠢᠨ ᠤᠶᠢᠯᠡᠴᠢᠯᠡᠭᠡᠨ ᠤ  ᠤᠶᠢᠯᠡᠰ ᠤᠨ ᠬᠥᠭᠵᠢᠯᠲᠡ ᠶᠢᠨ ᠲᠥᠪ ᠤᠨ ᠬᠢᠨ ᠭᠠᠵᠠᠷ ᠣᠷᠣᠨ ᠤ ᠠᠵᠤ  ᠤᠶᠢᠯᠡᠰ ᠤᠨ ᠳᠠᠪᠠᠭᠤᠯᠢᠭ᠂ ᠬᠡᠷᠡᠭᠯᠡᠭᠡᠨ ᠤ ᠬᠠᠯᠠᠮᠰᠢᠯ ᠵᠢᠴᠢ ᠦᠨᠳᠦᠰᠦᠲᠡᠨ ᠤ ᠵᠠᠩ  ᠤᠶᠢᠯᠠ ᠰᠣᠶᠣᠯ ᠤᠨ ᠣᠨᠴᠠᠯᠢᠭ ᠲᠠᠢ ᠤᠯᠠᠮ ᠨᠢᠭᠡ ᠠᠯᠬᠤᠮ ᠤᠶᠠᠯᠳᠤᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠣᠯᠠᠨ ᠶᠠᠩᠵᠤ ᠶᠢᠨ ᠬᠡᠯᠪᠡᠷᠢ ᠮᠠᠶ᠋ᠢᠭ ᠲᠠᠢ᠂ ᠡᠯᠪᠡᠭ ᠪᠠᠶᠠᠯᠢᠭ ᠠᠭᠤᠯᠭ᠎ᠠ ᠲᠠᠢ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠭᠤᠰᠤᠯᠴᠠᠯ ᠤᠶᠢᠯᠡᠳᠤᠯᠴᠠᠯ ᠢ ᠴᠢᠩᠭᠠᠳᠬᠠᠨ᠂ ᠠᠵᠤ ᠠᠬᠤᠶᠢᠯᠠᠯ ᠤᠨ ᠤᠨᠴᠠᠯᠢᠬᠳᠤ ᠲᠠᠸᠠᠷ ᠤᠨ ᠦᠵᠡᠭᠦᠯᠭᠡ᠂ ᠠᠮᠲᠠᠲᠤ ᠢᠳᠡᠭᠡᠨ ᠤ ᠰᠣᠶᠣᠯ ᠤᠨ ᠨᠠᠶᠢᠷ ᠵᠡᠷᠭᠡ ᠡᠯ᠎ᠡ ᠲᠥᠷᠥᠯ ᠤᠨ ᠠᠵᠢᠯᠯᠠᠭ᠎ᠠ ᠡᠷᠭᠢᠯᠡᠬᠦ ᠶᠢ ᠵᠢᠯᠣᠭᠤᠳᠴᠤ᠂ ᠲᠠᠸᠠᠷ ᠪᠠ  ᠤᠶᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠂ ᠵᠠᠬ᠎ᠠ ᠳᠡᠯᠭᠡᠭᠦᠷ ᠤᠨ ᠬᠡᠷᠡᠭᠯᠡᠭᠡ ᠶᠢ  ᠠᠬᠢᠭᠤᠯᠬᠤ ᠪᠠᠷ ᠪᠠᠶᠢᠨ᠎ᠠ᠃
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号