ᠮᠠᠨ ᠤ ᠬᠤᠰᠢᠭᠤ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ︽ᠲᠠᠪᠴᠠᠩ ᠎ ᠳᠠᠬᠢ ᠮᠦᠷᠦᠶᠢᠴᠡᠭᠡᠨ︾᠎ ᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2022/10/31
     ᠤᠶᠢᠷ᠎ᠠ ᠳᠤ᠂ ᠮᠠᠨ ᠤ ᠬᠤᠰᠢᠭᠤᠨ ᠤ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ︽ᠲᠠᠪᠴᠠᠩ ᠳᠠᠬᠢ ᠮᠦᠷᠦᠶᠢᠴᠡᠭᠡᠨ︾ ᠵᠢᠴᠢ 2021 ᠣᠨ ᠤ ᠪᠠᠶᠢᠭᠤᠯᠭ᠎ᠠ ᠶᠢᠨ ︽ᠠᠷᠪᠠᠨ ᠶᠡᠭᠡ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ︾ ︽ᠠᠷᠪᠠᠨ ᠰᠢᠯᠢᠳᠡᠭ ᠪᠦᠲᠦᠭᠡᠯᠴᠢ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠡᠷᠡᠭ ᠤᠨ ᠵᠢᠱᠢᠶ᠎ᠡ︾᠎ ᠶᠢ ᠰᠢᠯᠭᠠᠷᠠᠭᠤᠯᠤᠨ ᠳᠡᠯᠭᠡᠨ ᠦᠵᠡᠭᠦᠯᠬᠦ ᠠᠵᠢᠯᠯᠠᠭ᠎ᠠ ᠶᠠᠪᠤᠬᠳᠠᠬᠰᠠᠨ ᠪᠠᠶᠢᠨ᠎ᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠼᠦᠢ ᠶᠦᠩ ᠫᠢᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠭᠤᠤ ᠰᠢᠶᠤᠤ ᠬᠤᠩ᠂  ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠤᠤ ᠶᠦᠩ ᠯᠢᠶᠠᠩ ᠠᠵᠢᠯᠯᠠᠭ᠎ᠠ ᠳᠤ ᠣᠷᠣᠯᠴᠠᠪᠠ᠃      ︽ᠲᠠᠪᠴᠠᠩ ᠳᠠᠬᠢ ᠮᠦᠷᠦᠶᠢᠴᠡᠭᠡᠨ︾᠎ ᠤ ᠲᠤᠬᠠᠢ ᠶᠢᠨ ᠲᠠᠯᠠᠪᠠᠢ ᠳᠤ᠂ 10 ᠨᠡᠷ᠎ᠡ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠠᠴᠠ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠢ ᠡᠭᠦᠳᠦᠨ ᠪᠠᠶᠢᠭᠤᠯᠬᠤ ᠶᠢ ᠠᠳᠠᠯᠢᠳᠬᠠᠨ ᠰᠢᠯᠭᠠᠷᠠᠭᠤᠯᠬᠤ᠂ ᠨᠠᠮ ᠤᠨ ᠪᠠᠶᠢᠭᠤᠯᠤᠯᠲᠠ ᠶᠢᠨ ᠣᠨᠴᠠᠯᠢᠭ ᠪᠥᠬᠦᠶ ᠬᠢᠯᠠᠰ ᠴᠡᠭ ᠢ ︽ᠭᠠᠶᠢᠬᠠᠭᠤᠯᠬᠤ ︾᠂ ᠨᠠᠮ ᠤᠨ ᠪᠠᠶᠢᠭᠤᠯᠤᠯᠲᠠ ᠶᠢᠨ ᠶᠡᠷᠦᠩᠬᠡᠶᠢᠯᠡᠭᠰᠡᠨ ᠦᠷ᠎ᠡ ᠪᠦᠲᠦᠮᠵᠢ ᠶᠢ ︽ᠦᠨᠡᠯᠡᠬᠦ︾᠎  ᠠᠭᠤᠯᠭ᠎ᠠ ᠶᠢᠨ ᠲᠤᠭᠤᠷᠢᠨ ᠳᠤ ᠮᠦᠷᠦᠶᠢᠴᠡᠨ᠂ ᠦᠷᠢᠰᠦᠯᠳᠦᠬᠦ ᠢᠳᠡᠪᠬᠢᠵᠢᠯ ᠢ  ᠬᠦᠭᠵᠢᠬᠡᠵᠦ  ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠵᠣᠷᠢᠭᠲᠠᠶ ᠪᠠᠷ ᠡᠭᠦᠷᠭᠡᠯᠡᠬᠦ ᠰᠠᠶᠢᠨ ᠰᠠᠶᠢᠬᠠᠨ ᠰᠤᠷᠲᠠᠯ ᠢ  ᠬᠦᠢᠴᠡᠳ ᠢᠯᠡᠷᠡᠭᠦᠯᠪᠡ᠃ ᠲᠤᠬᠠᠶ ᠶᠢᠨ ᠲᠠᠯᠠᠪᠠᠶ ᠳᠤ ᠪᠠᠰᠠ 2021 ᠣᠨ ᠤ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠨᠢᠬᠡᠴᠢ ᠶᠢᠨ ︽ᠠᠷᠪᠠᠨ ᠶᠡᠭᠡ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ︾ ᠪᠠ ︽ᠠᠷᠪᠠᠨ ᠰᠢᠯᠢᠳᠡᠭ ᠪᠦᠲᠦᠭᠡᠯᠴᠢ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ︾᠎ ᠤᠨ ᠬᠡᠷᠡᠭ ᠤᠨ ᠵᠢᠱᠢᠶ᠎ᠡ ᠳᠤ ᠱᠠᠩᠨᠠᠯ ᠭᠠᠷᠳᠠᠭᠤᠯᠪᠠ᠃      ᠠᠵᠢᠯᠯᠠᠭ᠎ᠠ ᠨᠢ ︽ᠲᠡᠷᠢᠭᠦᠨ ᠤ ᠬᠢ ᠎ ᠪᠠᠷ ᠪᠠᠷᠢᠮᠵᠢᠶᠠᠯᠠᠵᠦ ᠨᠡᠬᠡᠨ ᠲᠠᠪᠠᠭ᠋ᠤ︾  ᠬᠦᠨ ᠵᠤᠵᠠᠭᠠᠨ ᠠᠭᠤᠷ ᠠᠮᠢᠰᠬᠤᠯ ᠢ ᠪᠤᠶ ᠪᠣᠯᠭᠠᠵᠤ᠂ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠳᠠᠯᠢᠳᠬᠠᠬᠤ ᠰᠤᠷᠤᠯᠴᠠᠬᠤ ᠨᠡᠬᠡᠨ ᠲᠠᠪᠠᠭ᠋ᠤ ᠡᠷᠴᠢ ᠵᠤᠷᠢᠭ ᠢ  ᠪᠠᠳᠠᠷᠠᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠠᠮᠢᠵᠢᠷᠠᠯ ᠤᠨ ᠬᠦᠴᠦᠨ ᠢ ᠬᠥᠭᠵᠢᠭᠡᠵᠡᠶ᠃
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号