ᠮᠠᠨ ᠤ ᠬᠤᠰᠢᠭᠤ ︽ᠨᠤᠮ ᠤᠨ ᠰᠤᠷᠪᠤᠯᠵᠢᠲᠤ ᠬᠤᠲᠠ︾᠎ ᠶᠢ ᠪᠠᠶᠢᠭᠤᠯᠵᠤ ᠤᠩᠰᠢᠬᠴᠢ ᠲᠦᠮᠡᠨ ᠤ ᠤᠶᠤᠨ ᠢ ᠤᠮᠳᠠᠯᠠᠵᠦ ᠪᠠᠶᠢᠨ᠎ᠠ
ᠨᠡᠶᠢᠲᠡᠯᠡᠭᠰᠡᠨ ᠴᠠᠭ᠄
2022/10/31
     ᠣᠶᠢᠷ᠎ᠠ ᠶᠢᠨ ᠵᠢᠯ ᠠᠴᠠ ᠨᠠᠭᠠᠰᠢ᠂ ᠮᠠᠨ ᠤ ᠬᠤᠰᠢᠭᠤ ᠪᠥᠬᠦ ᠠᠷᠠᠳ ᠤᠨ ᠨᠣᠮ ᠤᠩᠰᠢᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ︽ᠳᠥᠷᠪᠡᠨ ᠤᠯᠠᠷᠢᠯ ᠤᠨ ᠰᠣᠶᠣᠯ︾᠎ ᠤᠨ ᠤᠨᠴᠠᠯᠢᠭᠳᠤ ᠲᠥᠷᠥᠯ ᠲᠡᠮᠳᠡᠭ ᠢ ᠪᠥᠬᠦ ᠬᠦᠴᠦᠨ ᠢᠶᠠᠷ ᠢᠶᠠᠨ ᠡᠭᠦᠳᠴᠦ᠂ ᠣᠶᠤᠨ ᠤ ᠰᠢᠮ᠎ᠡ ᠨᠢ ᠬᠤᠲᠠ ᠶᠢᠨ ᠠᠷᠠᠳ ᠤᠨ ᠰᠡᠳᠬᠢᠯ ᠢ  ᠤᠮᠳᠠᠯᠠᠨ᠂ ᠨᠤᠮ ᠤᠨ ᠦᠨᠦᠷ ᠬᠠᠩᠬᠤᠯᠤᠬᠰᠠᠨ ᠪᠣᠯᠪᠠᠰᠤᠨ ᠬᠤᠲᠠ ᠶᠢᠨ ᠬᠡᠪ ᠨᠠᠮᠪᠠ ᠶᠢ ᠬᠠᠳᠠᠭᠠᠯᠠᠭᠰᠠᠭᠠᠷ ᠢᠷᠡᠵᠡᠶ ᠃        ᠡᠳᠦᠭᠡ᠂ ᠮᠠᠨ ᠤ ᠬᠤᠰᠢᠭᠤᠨ ᠳᠤ᠂ ᠨᠣᠮ ᠤᠩᠰᠢᠬᠤ ᠨᠢ ᠨᠢᠭᠡᠨᠲᠡ ᠨᠢᠭᠡ ᠵᠦᠢᠯ ᠤᠨ ᠴᠠᠭ ᠤᠨ ᠤᠷᠤᠰᠬᠠᠯ᠂ ᠠᠮᠢᠳᠤᠷᠠᠯ ᠤᠨ ᠠᠷᠭ᠎ᠠ ᠮᠠᠶ᠋ᠢᠭ ᠪᠣᠯᠵᠣ᠂ ᠵᠡᠭᠡᠯᠢ ᠭᠤᠳᠤᠮᠵᠢ ᠪᠠᠷ ᠨᠣᠮ  ᠰᠤᠳᠤᠷ ᠤᠩᠰᠢᠬᠤ ᠠᠭᠤᠷ ᠠᠮᠢᠰᠬᠤᠯ ᠢᠶᠠᠷ ᠪᠢᠯᠬᠠᠮ᠎ᠠ ᠪᠠᠶᠢᠪᠠ᠃ ᠠᠯᠳᠠᠨᠰᠢᠷᠡᠭᠡ ᠪᠠᠯᠭᠠᠰᠤᠨ ᠤ ᠡᠩᠬᠡ ᠨᠡᠶᠢᠭᠡᠮ ᠲᠣᠭᠤᠷᠢᠭ ᠲᠤ ᠬᠦᠷᠬᠦ ᠳᠤ ᠨᠣᠮ ᠤᠩᠰᠢᠬᠤ ᠦᠷᠦᠭᠡᠨ ᠳᠤ ᠨᠣᠮ ᠤᠨ ᠦᠨᠦᠷ ᠬᠠᠩᠬᠤᠯᠵᠤ᠂ ᠲᠦᠷᠪᠡᠨ ᠲᠠᠯ᠎ᠠ ᠶᠢᠨ ᠬᠡᠷᠡᠮ ᠳᠡᠭᠡᠷ᠎ᠡ ᠤᠷᠠᠨ ᠪᠢᠴᠢᠯᠭᠡ ᠤᠷᠠᠨ ᠵᠢᠷᠤᠭ ᠤᠨ ᠪᠠᠭ᠋ᠠᠳᠠᠳ ᠤᠨ ᠪᠦᠲᠦᠭᠡᠯ ᠢ ᠲᠦᠭᠦᠷᠡᠲᠡᠯ᠎ᠡ ᠡᠯᠭᠦᠵᠦ᠂ ᠰᠠᠭᠤᠭᠠᠯᠢ ᠠᠷᠠᠳ ᠨᠤᠮ ᠤᠩᠰᠢᠬᠤ ᠪᠤᠶᠤ ᠺᠣᠳ᠋ ᠰᠢᠷᠪᠢᠨ ᠦᠵᠡᠵᠦ ᠪᠠᠶᠢᠪᠠ  ᠃      ᠡᠩᠬᠡ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠠᠩ ᠯᠠᠨ ᡁᠢ ᠰᠤᠷᠪᠤᠯᠵᠢᠯᠠᠭᠴᠢ ᠳᠤ᠄ ︽ᠨᠡᠶᠢᠭᠡᠮ ᠲᠣᠭᠤᠷᠢᠭ ᠠᠴᠠ ᠨᠣᠮ ᠤᠨ ᠰᠠᠩ ᠎ ᠢ ᠮᠠᠨ ᠤ ᠭᠡᠷ ᠤᠨ ᠡᠭᠦᠳᠡᠨ ᠳᠤ  ᠪᠠᠶᠢᠭᠤᠯᠵᠤ᠂  ᠪᠢᠳᠠ ᠨᠣᠮ ᠦᠵᠡᠵᠦ ᠪᠠᠷᠠᠭᠰᠠᠨ ᠤ ᠲᠠᠷᠠᠭ᠎ᠠ ᠪᠠᠰᠠ ᠵᠢᠷᠤᠭ ᠵᠢᠷᠤᠵᠤ᠂ ᠤᠷᠠᠨ ᠪᠢᠴᠢᠯᠭᠡ ᠪᠢᠴᠢᠵᠦ ᠪᠤᠯᠬᠤ ᠮᠦᠷᠳᠡᠬᠡᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠪᠣᠯᠪᠠᠯ ᠣᠮᠪᠣᠯᠣ᠂ ᠵᠢᠭᠡ ᠣᠮᠪᠣᠯᠣ ᠪᠠᠨ ᠳᠠᠭᠠᠭᠤᠯᠤᠨ ᠨᠣᠮ ᠦᠵᠡᠵᠦ᠂ ᠨᠣᠮ ᠤᠩᠰᠢᠬᠤ ᠪᠠᠶᠠᠷ ᠪᠠᠶᠠᠰᠤᠯ ᠢ ᠡᠳ᠋ᠯᠡᠵᠦ ᠪᠣᠯᠤᠨ᠎ᠠ︾  ᠬᠡᠵᠦ ᠪᠠᠶᠠᠷᠳᠠᠶᠢᠬᠠᠨ ᠶᠠᠷᠢᠨ᠎ᠠ᠃      ᠣᠶᠢᠯᠠᠭᠠᠭᠰᠠᠨ ᠢᠶᠠᠷ᠂ ᠪᠥᠬᠦ ᠠᠷᠠᠳ ᠤᠨ ᠤᠩᠰᠢᠯᠭ᠎ᠠ ᠶᠢᠨ ︽ᠡᠴᠦᠰ ᠤᠨ ᠨᠢᠭᠡ ᠺᠢᠯᠣᠮᠧᠲᠷ︾᠎ ᠢ ᠨᠡᠪᠲᠡᠷᠡᠭᠦᠯᠬᠦ ᠶᠢᠨ ᠲᠥᠯᠥᠭᠡ᠂ ᠮᠠᠨ ᠤ ᠬᠤᠰᠢᠭᠤ ᠨᠡᠶᠢᠭᠡᠮ ᠲᠣᠭᠤᠷᠢᠭ ᠤᠨ ᠰᠠᠭᠤᠷᠢᠨ ᠭᠠᠵᠠᠷ ᠢ  ᠬᠦᠢᠴᠡᠳ ᠠᠰᠢᠭᠯᠠᠨ᠂ ᠨᠡᠶᠢᠭᠡᠮ ᠲᠣᠭᠤᠷᠢᠭ ᠤᠨ ᠨᠣᠮ ᠤᠨ ᠰᠠᠩ ᠢ ᠨᠡᠶᠢᠲᠡ 16 ᠪᠠᠶᠢᠭᠤᠯᠤᠭᠰᠠᠨ ᠤ ᠬᠠᠮᠲᠤ᠂ ᠲᠠᠯ᠎ᠠ ᠨᠤᠲᠤᠭ ᠤᠨ ᠨᠣᠮ ᠤᠨ ᠥᠷᠥᠭᠡ ᠪᠠᠷ ᠵᠠᠭᠤᠴᠢ ᠪᠣᠯᠭᠠᠨ᠂ ᠪᠠᠶᠠᠯᠢᠭ ᠰᠠᠶᠢᠬᠠᠨ᠂ ᠬᠡᠯᠪᠡᠷᠢ ᠮᠠᠶ᠋ᠢᠭ ᠨᠢ ᠣᠯᠠᠨ ᠶᠠᠩᠵᠤ ᠪᠦᠬᠦᠢ ᠤᠩᠰᠢᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠦᠷᠨᠢᠬᠦᠯᠦᠭᠰᠡᠨ ᠪᠠᠶᠢᠨ᠎ᠠ᠃ ᠡᠭᠦᠨ ᠠᠴᠠ ᠭᠠᠳᠠᠨ᠎ᠠ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠲᠣᠭᠠᠴᠢᠯᠠᠭᠰᠠᠨ ᠠᠬᠢᠴᠠ ᠶᠢ ᠲᠦᠷᠭᠡᠳᠬᠡᠨ ᠠᠬᠢᠭᠤᠯᠵᠤ᠂ ᠵᠢᠯ ᠪᠦᠷᠢ ᠶᠢᠨ ︽4·23᠎ ᠤ ᠳᠡᠯᠡᠬᠡᠶ ᠶᠢᠨ ᠨᠣᠮ ᠤᠩᠰᠢᠬᠤ ᠡᠳᠦᠷ︾᠎ ᠤᠨ ᠬᠤᠭᠤᠴᠠᠭᠠᠨ ᠳᠤ᠂ ᠬᠤᠰᠢᠭᠤᠨ ᠤ ᠨᠣᠮ ᠤᠨ ᠰᠠᠩ ᠲᠣᠭᠠᠴᠢᠯᠠᠭᠰᠠᠨ ᠨᠣᠮ ᠪᠢᠴᠢᠭ᠂ ᠰᠣᠨᠢᠨ ᠰᠡᠳᠬᠦᠯ᠂ ᠲᠠᠶᠢᠯᠤᠮᠵᠢ ᠵᠡᠷᠭᠡ ᠶᠡᠭᠡ ᠬᠡᠮᠵᠢᠶᠡᠨ ᠤ ᠲᠣᠭᠠᠴᠢᠯᠠᠭᠰᠠᠨ ᠡᠬᠢ ᠪᠠᠶᠠᠯᠢᠭ ᠢ ᠬᠤᠳᠠᠯᠳᠤᠨ ᠠᠪᠴᠤ᠂ ᠪᠥᠬᠦ ᠬᠤᠰᠢᠭᠤᠨ ᠤ 132 ᠲᠠᠯ᠎ᠠ ᠨᠤᠲᠤᠭ ᠤᠨ ᠨᠣᠮ ᠤᠨ ᠥᠷᠥᠭᠡ ᠳᠤ ᠦᠨ᠎ᠡ ᠲᠥᠯᠥᠪᠦᠷᠢ ᠥᠬᠡᠶ ᠪᠠᠷ   ᠬᠠᠩᠭᠠᠨ ᠦᠭᠴᠦ  ᠂ 2021 ᠣᠨ ᠤ ᠰᠡᠬᠦᠯᠴᠢ ᠪᠣᠯᠲᠠᠯ᠎ᠠ᠂ ᠤᠩᠰᠢᠵᠤ ᠦᠵᠡᠭᠰᠡᠨ ᠬᠡᠮᠵᠢᠶ᠎ᠡ ᠨᠢ 4 ᠲᠦᠮᠡ ᠭᠠᠷᠤᠶ ᠬᠥᠮᠦᠨ ᠤᠳᠠᠭ᠎ᠠ ᠳᠤ ᠬᠦᠷᠴᠡᠶ᠃      ︽ᠲᠠᠯ᠎ᠠ ᠨᠤᠲᠤᠭ ᠤᠨ ᠨᠣᠮ ᠤᠨ ᠥᠷᠥᠭᠡ ᠶᠢ ᠪᠠᠭᠤᠯᠭᠠᠭᠰᠠᠨ ᠤ ᠳᠠᠷᠠᠭ᠎ᠠ᠂ ᠬᠡᠵᠢᠶ᠎ᠡ ᠴᠦ ᠬᠡᠰᠡᠨ ᠭᠠᠷ ᠤᠲᠠᠰᠤᠨ ᠳᠡᠭᠡᠷ᠎ᠡ ᠨᠣᠮ ᠦᠵᠡᠵᠦ᠂ ᠮᠠᠲ᠋ᠧᠷᠢᠶᠠᠯ ᠡᠷᠢᠵᠦ ᠪᠤᠯᠤᠨ᠎ᠠ᠂ ᠪᠢᠳᠡᠨ ᠳᠤ ᠮᠠᠰᠢ ᠶᠡᠭᠡ ᠲᠥᠬᠦᠮ  ᠦᠵᠡᠬᠦᠯᠤᠯ᠎ᠠ︾ ᠭᠡᠵᠦ ᠴᠧ ᠵᠢᠶᠠ ᠴᠢᠦᠶ ᠲᠣᠰᠬᠤᠨ ᠤ ᠠᠷᠠᠳ ᠪᠠᠶ ᠰᠢᠤᠸᠠᠢ ᠹᠸᠡᠭ ᠪᠠᠶᠠᠷᠲᠠᠶ ᠬᠡᠯᠡᠨ᠎ᠡ᠃      ᠪᠥᠬᠦ ᠠᠷᠠᠳ ᠢᠶᠠᠷ ᠢᠶᠠᠨ ᠨᠣᠮ ᠤᠩᠰᠢᠬᠤ ᠪᠣᠯ ᠪᠣᠯᠪᠠᠰᠤᠨ ᠬᠤᠲᠠ ᠶᠢ ᠴᠣᠭᠴᠠᠯᠠᠬᠤ ᠶᠢᠨ ᠰᠠᠭᠤᠷᠢ ᠮᠥᠨ᠂ 2018 ᠣᠨ ᠠᠴᠠ ᠡᠬᠢᠯᠡᠨ᠂ ᠮᠠᠨ ᠤ ᠬᠤᠰᠢᠭᠤ ᠬᠠᠪᠤᠷ ᠤᠨ ᠨᠣᠮ ᠤᠩᠰᠢᠬᠤ ᠤᠯᠠᠷᠢᠯ᠂  ᠵᠤᠰᠠᠯᠠᠩᠳᠤ ᠰᠣᠶᠣᠯ ᠤᠨ ᠤᠯᠠᠷᠢᠯ᠂ ᠨᠠᠮᠤᠷ ᠤᠨ ᠪᠤᠷᠤ ᠮᠠᠲ᠋ᠧᠷᠢᠶᠠᠯ ᠴᠤᠬᠯᠠᠭᠤᠯᠬᠤ ᠤᠯᠠᠷᠢᠯ᠂ ᠭᠤᠯᠤᠮᠳᠠ ᠭᠠᠯ ᠤᠨ ᠰᠣᠶᠣᠯ ᠤᠨ ᠤᠯᠠᠷᠢᠯ ︽ᠳᠥᠷᠪᠡᠨ ᠤᠯᠠᠷᠢᠯ ᠤᠨ ᠰᠣᠶᠣᠯ︾᠎ ᠤᠨ ᠦᠢᠯᠡᠴᠢᠯᠡᠭᠡᠨ ᠤ ᠲᠦᠷᠦᠯ ᠲᠡᠮᠳᠡᠭᠲᠦ ᠶᠢ ᠡᠬᠢᠯᠡᠭᠦᠯᠵᠦ᠂ ᠡᠯ᠎ᠡ ᠲᠥᠷᠥᠯ ᠤᠨ ᠲᠤᠰᠬᠠᠶ ᠮᠡᠷᠭᠡᠵᠢᠯᠲᠡᠨ᠂ ᠡᠷᠳᠡᠮᠲᠡᠳ ᠢ ᠤᠷᠢᠵᠤ ᠨᠠᠮ ᠤᠨ ᠲᠡᠦᠬᠡ᠂ ᠰᠢᠯᠢᠳᠡᠭ ᠤᠯᠠᠮᠵᠢᠯᠠᠯᠲᠤ ᠰᠣᠶᠣᠯ᠂ ᠣᠷᠣᠨ ᠨᠤᠲᠤᠭ ᠤᠨ ᠰᠣᠶᠣᠯ᠂ ᠰᠤᠷᠭᠠᠨ ᠬᠥᠮᠦᠵᠢᠯ ᠵᠡᠷᠭᠡ ᠪᠠᠷ ᠭᠤᠤᠯ ᠰᠡᠳᠦᠪ ᠪᠣᠯᠭᠠᠨ᠂ ᠰᠠᠷ᠎ᠠ ᠪᠦᠷᠢ ᠨᠢᠭᠡ ᠤᠳᠠᠭᠠᠨ ᠤ ᠲᠡᠭᠷᠢᠯᠢᠭ ᠰᠣᠶᠣᠯ ᠤᠨ ᠬᠢᠴᠢᠶᠡᠯ ᠲᠠᠶᠢᠯᠤᠮᠵᠢ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠬᠦᠯᠦᠭᠰᠡᠨ ᠪᠠᠶᠢᠨ᠎ᠠ᠃  ᠡᠬᠦᠨ ᠤ ᠬᠠᠮᠳᠤ  ᠂ ︽ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠨ ᠬᠠᠮᠲᠤᠪᠠᠷ ᠤᠩᠰᠢᠬᠤ︾᠎ ᠪᠠᠷ ᠭᠤᠣᠯ ᠰᠡᠳᠦᠪ ᠪᠣᠯᠭᠠᠨ᠂ ᠡᠯ᠎ᠡ ᠵᠠᠰᠠᠭ ᠵᠠᠬᠢᠷᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢ ᠤᠷᠢᠵᠤ᠂ ᠠᠳᠠᠯᠢ ᠪᠤᠰᠤ ᠬᠡᠯᠪᠡᠷᠢ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠬᠤᠪᠢᠰᠬᠠᠯ ᠤᠨ ᠰᠣᠩᠭᠤᠳᠠᠭ ᠨᠣᠮ ᠤᠩᠰᠢᠬᠤ ᠵᠡᠷᠭᠡ ᠣᠯᠠᠨ ᠬᠡᠯᠪᠡᠷᠢ ᠮᠠᠶ᠋ᠢᠭ ᠤᠨ ᠪᠦᠬᠦ ᠠᠷᠠᠳ ᠤᠨ ᠨᠣᠮ ᠤᠩᠰᠢᠬᠤ ᠶᠢ ᠲᠦᠬᠡᠮᠡᠯᠵᠢᠬᠦᠯᠬᠦ ᠠᠵᠢᠯᠯᠠᠭ᠎ᠠ ᠶᠢ ᠥᠷᠨᠢᠭᠦᠯᠵᠦ᠂ ᠪᠦᠬᠦ ᠬᠤᠰᠢᠭᠤᠨ ᠳᠤ ︽ᠨᠣᠮ ᠤᠩᠰᠢᠬᠤ ᠳᠤᠷᠠᠲᠠᠢ᠂ ᠰᠢᠷᠭᠠᠭᠤ ᠪᠠᠷ ᠨᠣᠮ ᠤᠩᠰᠢᠬᠤ᠂ ᠰᠠᠶᠢᠨ ᠨᠣᠮ ᠤᠩᠰᠢᠬᠤ᠂ ᠨᠣᠮ ᠤᠩᠰᠢᠬᠤ ᠳᠤ ᠪᠠᠨ ᠴᠢᠳᠠᠮᠠᠭᠠᠢ︾  ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠰᠠᠨ ᠪᠠᠶᠢᠨ᠎ᠠ᠃      ᠡᠭᠦᠨ ᠠᠴᠠ ᠭᠠᠳᠠᠨ᠎ᠠ᠂ ᠬᠤᠰᠢᠭᠤᠨ ᠤ ᠨᠣᠮ ᠤᠨ ᠰᠠᠩ ᠤᠨ ᠸᠢᠴᠠᠲ ᠤᠨ ᠣᠯᠠᠨ ᠨᠡᠶᠢᠲᠡ ᠶᠢᠨ ᠲᠠᠪᠴᠠᠩ ᠢᠶᠠᠷ ᠪᠥᠬᠦ ᠵᠢᠯ ᠳᠤ ᠨᠠᠮ ᠤᠨ ᠲᠡᠦᠬᠡ᠂ ᠤᠯᠠᠮᠵᠢᠯᠠᠯᠲᠤ ᠰᠣᠶᠣᠯ᠂ ᠤᠷᠭᠤᠮᠠᠯ ᠤᠨ ᠶᠢᠷᠲᠢᠨᠴᠦ᠂ ᠢᠲᠡᠭᠡᠯ ᠪᠢᠰᠢᠷᠡᠯ ᠤᠨ ᠬᠦᠴᠦᠨ᠂ ᠳᠤᠮᠳᠠᠳᠤ ᠤᠯᠤᠰ ᠤᠨ ᠰᠠᠨᠰᠠᠷ ᠤᠨ ᠠᠶᠠᠯᠠᠯ᠂ ᠲᠡᠦᠬᠡ ᠶᠢᠨ ᠳᠤᠷᠠᠰᠬᠠᠯᠲᠤ  ᠵᠦᠢᠯᠡᠰ ᠵᠡᠷᠭᠡ ᠪᠠᠷ ᠰᠡᠳᠦᠪᠯᠡᠭᠰᠡᠨ ᠰᠦᠯᠵᠢᠶᠡᠨ ᠳᠡᠭᠡᠷᠡᠬᠢ ᠦᠵᠡᠭᠦᠯᠦᠯᠭᠡ ᠵᠢᠴᠢ ︽ ᠨᠤᠮ ᠤᠨ ᠰᠤᠷᠪᠤᠯᠵᠢᠲᠤ ᠡᠵᠡᠨ ᠬᠤᠷᠤᠭ᠎ᠠ᠂ ᠨᠣᠮ ᠰᠤᠳᠤᠷ ᠢ ᠬᠠᠮᠲᠤ ᠪᠠᠷ ᠡᠳ᠋ᠯᠡᠬᠦ︾᠂ ᠲᠢᠶᠠᠨ ᠵᠢᠶᠤᠤ ᠤᠩᠰᠢᠯᠭ᠎ᠠ ᠶᠢᠨ ᠬᠢᠴᠢᠶᠡᠯ ᠤᠨ ᠲᠠᠩᠬᠢᠮ ᠵᠡᠷᠭᠡ ᠠᠵᠢᠯᠯᠠᠭ᠎ᠠ ᠥᠷᠨᠢᠭᠦᠯᠵᠦ᠂ ᠨᠡᠩ ᠣᠯᠠᠨ ᠬᠦᠮᠤᠰ ᠢ ᠪᠦᠬᠦ ᠠᠷᠠᠳ ᠢᠶᠠᠷ ᠢᠶᠠᠨ ᠨᠣᠮ ᠤᠩᠰᠢᠬᠤ ᠳᠤ ᠣᠷᠣᠯᠴᠠᠭᠤᠯᠬᠤ ᠶᠢ ᠲᠠᠳᠠᠪᠠ᠃      ᠣᠳᠣᠬᠠᠨ ᠪᠣᠯᠲᠠᠯ᠎ᠠ᠂ ᠮᠠᠨ ᠤ ᠬᠤᠰᠢᠭᠤ ᠵᠢᠯ ᠪᠦᠷᠢ ᠡᠯ᠎ᠡ ᠲᠥᠷᠥᠯ ᠤᠨ ᠨᠣᠮ ᠤᠩᠰᠢᠬᠤ ᠠᠵᠢᠯᠯᠠᠭ᠎ᠠ ᠶᠢ 100 ᠭᠠᠷᠤᠶ ᠤᠳᠠᠭ᠎ᠠ ᠥᠷᠨᠢᠭᠦᠯᠵᠦ᠂ ᠣᠷᠣᠯᠴᠠᠭᠰᠠᠨ ᠬᠥᠮᠦᠨ ᠤ ᠲᠤᠭ᠎ᠠ 6 ᠲᠦᠮᠡ ᠭᠠᠷᠤᠶ ᠬᠥᠮᠦᠨ ᠤᠳᠠᠭ᠎ᠠ ᠳᠤ ᠬᠦᠷᠴᠦ᠂ ᠪᠥᠬᠦ ᠠᠷᠠᠳ ᠤᠨ ᠨᠣᠮ ᠤᠩᠰᠢᠬᠤ ᠨᠢ ᠨᠢᠭᠡᠨᠲᠡ ᠡᠨᠡ ᠬᠦ ᠵᠢᠵᠢᠭ ᠬᠤᠲᠠ ᠶᠢᠨ ᠰᠣᠶᠣᠯ ᠤᠨ ᠦᠵᠡᠮᠵᠢ ᠪᠣᠯᠤᠭᠰᠠᠨ ᠪᠠᠶᠢᠨ᠎ᠠ᠃                                
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号