| ᠵᠡᠮᠳᠡᠭᠴᠦᠳ ᠲᠤ ᠠᠵᠢᠯ ᠣᠯᠭᠤᠬᠤ ᠠᠷᠭ᠎ᠠ ᠵᠠᠮ ᠢ ᠥᠷᠭᠡᠳᠬᠡᠵᠦ᠂ ᠵᠡᠮᠳᠡᠭᠴᠦᠳ ᠤᠨ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢᠨ ᠲᠦᠪᠰᠢᠨ ᠢ ᠲᠡᠭᠡᠭᠰᠢᠯᠡᠬᠦᠯᠦᠨ᠂ ᠵᠡᠮᠳᠡᠭᠴᠦᠳ ᠤᠨ ᠠᠵᠢᠯ ᠤᠯᠬᠤ ᠪᠠ ᠪᠡᠶ᠎ᠡ ᠪᠠᠨ | ᠳᠠᠭᠠᠭᠠᠵᠤ ᠦᠢᠯᠡᠰ ᠴᠣᠭᠴᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠤᠶᠢᠷ᠎ᠠ ᠳᠤ᠂ ᠮᠠᠨ ᠤ | ᠬᠤᠰᠢᠭᠤᠨ ᠳᠤ ᠵᠡᠮᠳᠡᠭᠴᠦᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠥᠷᠨᠢᠭᠦᠯᠪᠡ᠃ | ᠬᠤᠰᠢᠭᠤᠨ ᠤ ᠵᠡᠮᠳᠡᠭᠴᠦᠳ ᠤᠨ ᠲᠤᠰᠠᠯᠠᠬᠤ ᠴᠢᠨᠠᠷᠲᠠᠶ ᠠᠵᠢᠯ ᠣᠯᠭᠤᠯᠲᠠ ᠶᠢᠨ ᠰᠠᠭᠤᠷᠢᠨ ᠭᠠᠵᠠᠷ ᠤᠨ | ᠤᠷ᠎ᠠ ᠴᠢᠳᠠᠪᠤᠷᠢ ᠶᠢᠨ ᠪᠤᠯᠪᠠᠰᠤᠷᠠᠯ ᠳᠤ 15 ᠨᠡᠷ᠎ᠡ ᠤᠷᠤᠯᠴᠠᠬᠴᠢ ᠪᠠᠭᠰᠢ ᠶᠢᠨ ᠲᠠᠶᠢᠯᠤᠮᠵᠢ ᠶᠢ ᠨᠠᠷᠢᠨ ᠬᠢᠨᠠᠮᠠᠭᠠᠶ | ᠰᠤᠨᠤᠰᠴᠤ᠂ ᠳᠠᠭᠤᠷᠢᠶᠠᠮᠠᠯ ᠪᠣᠯᠪᠠᠰᠤᠷᠠᠯ ᠪᠠ ᠦᠨᠡᠨ ᠬᠥᠮᠦᠨ ᠢ ᠭᠤᠶᠣᠯᠠᠬᠤ ᠦᠢᠯᠡᠳᠦᠯᠭᠡ ᠶᠢᠨ ᠬᠢᠴᠢᠶᠡᠯ ᠤᠷᠤᠵᠤ | ᠪᠠᠶᠢᠪᠠ᠃ | ᠵᠢᠰᠦ ᠭᠤᠶᠣᠯᠠᠬᠤ ᠶᠢ ᠰᠤᠷᠴᠤ ᠪᠠᠶᠢᠭ᠎ᠠ ᠬᠤᠸᠠᠩ ᠮᠧᠢ ᠰᠤᠷᠪᠤᠯᠵᠢᠯᠠᠬᠴᠢ ᠳᠤ᠄ ︽ᠡᠨᠡ ᠬᠡᠳᠦᠨ ᠡᠳᠦᠷ ᠤᠨ | ᠰᠤᠷᠤᠯᠴᠠᠯᠭ᠎ᠠ ᠶᠢᠨ ᠣᠯᠤᠯᠲᠠ ᠮᠠᠰᠢ ᠶᠡᠭᠡ᠂ ᠬᠢᠮᠤᠰᠤ ᠵᠠᠰᠠᠬᠤ ᠠᠴᠠ ᠵᠢᠰᠦ ᠭᠤᠶᠣᠯᠠᠬᠤ ᠬᠦᠷᠲᠡᠯ᠎ᠡ ᠴᠦᠮ ᠰᠤᠷᠴᠤ | ᠂ ᠶᠠᠩᠵᠦ ᠶᠢ ᠨᠢ ᠶᠡᠭᠡ ᠲᠦᠯᠦᠪ ᠵᠢᠷᠤᠵᠤ ᠴᠢᠳᠠᠵᠤ ᠪᠠᠶᠢᠭᠰᠠᠨ ᠠᠴᠠ ᠨᠠᠷᠢᠯᠢᠭ ᠵᠢᠷᠦᠵᠦ ᠴᠢᠳᠠᠬᠤ ᠪᠤᠯᠵᠦ᠂ | ᠵᠡᠮᠳᠡᠭᠴᠦᠳ ᠤᠨ ᠬᠤᠯᠪᠤᠭᠠᠳᠤ ᠬᠤᠷᠠᠯ ᠠᠴᠠ ᠪᠢᠳᠠᠨ ᠳᠤ ᠡᠨᠡ ᠬᠦ ᠰᠤᠷᠤᠯᠴᠠᠬᠤ ᠲᠠᠪᠴᠠᠩ ᠢ ᠬᠠᠩᠭᠠᠭᠰᠠᠨ ᠳᠤ | ᠮᠠᠰᠢ ᠲᠠᠯᠠᠷᠬᠠᠵᠤ ᠪᠠᠶᠢᠨ᠎ᠠ᠂ ᠪᠢᠳᠡᠨ ᠤ ᠠᠮᠢᠳᠤᠷᠠᠯ ᠢ ᠨᠡᠩ ᠰᠠᠶᠢᠨ ᠪᠣᠯᠭᠠᠵᠠᠢ︾ ᠭᠡᠪᠡ᠃ | 2021 ᠣᠨ ᠠᠴᠠ ᠨᠠᠰᠢ᠂ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠨᠢ ᠨᠡᠶᠢᠲᠡ 178 | ᠵᠡᠮᠳᠡᠭᠴᠦᠳ ᠢ ᠵᠣᠬᠢᠶᠠᠨ ᠪᠠᠶᠢᠭᠤᠯᠤᠨ ᠪᠤᠯᠪᠠᠰᠤᠷᠠᠯ ᠬᠢᠵᠦ᠂ ᠬᠤᠲᠠ ᠬᠥᠳᠡᠭᠡ ᠶᠢᠨ ᠪᠡᠶ᠎ᠡ ᠪᠠᠨ ᠳᠠᠭᠠᠭᠠᠵᠤ ᠠᠳᠠᠯ | ᠦᠢᠯᠡᠰ ᠴᠣᠭᠴᠠᠯᠠᠵᠤ ᠠᠵᠢᠯ ᠣᠯᠤᠭᠰᠠᠨ 43 ᠡᠷᠦᠬᠡ ᠶᠢ ᠲᠡᠳᠬᠦᠨ ᠳᠡᠮᠵᠢᠵᠦ᠂ 24 ᠵᠡᠮᠳᠡᠭᠴᠦᠳ ᠲᠤ ᠠᠵᠢᠯ | ᠣᠯᠭᠤᠪᠠ᠃ ᠲᠤᠰ ᠤᠳᠠᠭᠠᠨ ᠤ ᠵᠡᠮᠳᠡᠭᠴᠦᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠤᠯᠪᠠᠰᠤᠷᠠᠯ | ᠳᠤ᠂ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠰᠤᠷᠤᠭᠴᠢᠳ ᠲᠤ ᠰᠦᠢᠳᠬᠡᠯ ᠬᠤᠷᠢᠶᠠᠬᠤ | ᠥᠬᠡᠶ ᠪᠠᠷ ᠬᠤᠨᠤᠵᠤ ᠠᠮᠠᠷᠠᠬᠤ ᠢᠳᠡᠵᠦ ᠤᠤᠭᠤᠬᠤ ᠭᠠᠵᠠᠷ ᠢ ᠬᠠᠩᠭᠠᠭᠰᠠᠨ ᠢᠶᠠᠷ ᠪᠠᠷᠠᠬᠤ ᠥᠬᠡᠶ᠂ ᠪᠠᠰᠠ | ᠪᠤᠯᠪᠠᠰᠤᠷᠠᠯ ᠤᠨ ᠪᠠᠶᠢᠭᠤᠯᠤᠮᠵᠢ ᠳᠤ ᠨᠠᠶᠢᠳᠠᠵᠤ ᠲᠤᠰᠬᠠᠶ ᠮᠡᠷᠭᠡᠵᠢᠯ ᠤᠨ ᠪᠠᠭᠰᠢ ᠶᠢ ᠤᠷᠢᠨ ᠬᠢᠴᠢᠶᠡᠯ ᠣᠷᠣᠭᠤᠯᠵᠤ᠂ | ᠰᠤᠷᠤᠭᠴᠢᠳ ᠲᠤ ᠬᠢᠮᠤᠰᠤ ᠵᠠᠰᠠᠬᠤ ᠪᠠ ᠵᠢᠰᠦ ᠭᠤᠶᠤᠯᠠᠬᠤ ᠤᠷ᠎ᠠ ᠴᠢᠳᠠᠪᠤᠷᠢ ᠶᠢ ᠯᠠᠪᠳᠠᠭᠤᠨ ᠪᠠᠲᠤᠲᠠᠶ | ᠡᠵᠡᠮᠰᠢᠭᠦᠯᠵᠦ᠂ ᠦᠨᠡᠨ ᠬᠦ᠋ ᠨᠢᠭᠡ ᠵᠦᠢᠯ ᠤᠨ ᠤᠷ᠎ᠠ ᠮᠡᠷᠭᠡᠵᠢᠯ ᠢ ᠡᠵᠡᠮᠰᠢᠬᠦᠯᠤᠨ᠂ ᠵᠡᠮᠳᠡᠭᠴᠦᠳ ᠢ ᠬᠠᠪᠰᠤᠷᠤᠨ | ᠠᠵᠢᠯ ᠤᠯᠭᠤᠬᠤ ᠪᠠ ᠦᠢᠯᠡᠰ ᠴᠣᠭᠴᠠᠯᠠᠬᠤ ᠶᠢ ᠨᠠᠩ ᠰᠠᠶᠢᠲᠤᠷ ᠪᠡᠶᠡᠯᠡᠭᠦᠯᠪᠡ᠃ | ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠤᠳ ᠲᠤ ᠮᠠᠨ ᠤ ᠬᠤᠰᠢᠭᠤ ᠪᠥᠬᠦ ᠬᠤᠰᠢᠭᠤᠨ ᠤ | ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠪᠠ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ | ᠢᠳᠡᠪᠬᠢᠲᠡᠶ ᠳᠥᠯᠭᠢᠨ ᠠᠬᠢᠭᠤᠯᠵᠤ᠂ ᠬᠥᠮᠦᠯᠢᠭ ᠦᠵᠡᠯ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ | ᠵᠡᠮᠳᠡᠭᠴᠦᠳ ᠢ ᠲᠡᠳᠬᠦᠨ ᠲᠤᠰᠠᠯᠠᠬᠤ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠰᠠᠨᠠᠭᠠᠴᠢᠯᠠᠵᠤ᠂ | ᠵᠡᠮᠳᠡᠭᠴᠦᠳ ᠤᠨ《ᠰᠠᠶᠢᠨ ᠠᠵᠢᠯ ᠣᠯᠭᠤᠯᠲᠠ︾ ᠳᠤ ᠬᠦᠴᠦᠨ ᠨᠡᠮᠡᠷᠢᠯᠡᠵᠦ ᠪᠠᠶᠢᠨ᠎ᠠ᠃ | | | | | | |