ᠮᠠᠨ ᠤ ᠬᠤᠰᠢᠭᠤ ︽ᠴᠢᠳᠠᠪᠤᠷᠢ ᠶᠢᠨ ᠮᠥᠷᠦ᠋ᠢᠴᠡᠭᠡᠨ︾᠎ ᠢᠶᠠᠷ ᠨᠠᠮ ᠤᠨ ᠡᠬᠦᠷ ᠤᠨ ᠱᠦᠵᠢ ᠶᠢ ᠵᠤᠷᠢᠬᠵᠢᠭᠤᠯᠪᠠ
ᠨᠡᠶᠢᠲᠡᠯᠡᠭᠰᠡᠨ ᠴᠠᠭ᠄
2022/10/31
     ᠤᠶᠢᠷ᠎ᠠ ᠳᠤ᠂ ᠮᠠᠨ ᠤ ᠬᠤᠰᠢᠭᠤᠨ ᠤ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ︽ᠴᠢᠳᠠᠪᠤᠷᠢ ᠶᠢᠨ ᠮᠥᠷᠦ᠋ᠢᠴᠡᠭᠡᠨ︾᠎ ᠤ ᠬᠤᠶᠠᠳᠠᠬᠢ ᠤᠷᠤᠯᠳᠤᠭᠠᠨ ᠠᠯᠳᠠᠨᠰᠢᠷᠡᠭᠡ ᠪᠠᠯᠭᠠᠰᠤ ᠳᠤ ᠶᠠᠪᠤᠭᠳᠠᠪᠠ᠃ ᠬᠤᠳᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠵᠤᠬᠢᠶᠠᠨ ᠪᠠᠶᠢᠭᠤᠯᠬᠤ ᠭᠤᠷᠪᠠᠳᠤᠭᠠᠷ ᠰᠠᠯᠠᠭᠠᠨ ᠤ ᠳᠠᠷᠤᠭ᠎ᠠ ᠬᠠᠨ ᠢᠦᠢ ᠹᠧᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠼᠦᠢ ᠶᠦᠩ ᠫᠢᠩ ᠵᠡᠷᠭᠡ ᠤᠳᠤᠷᠢᠳᠤᠯᠭ᠎ᠠ ᠵᠢᠴᠢ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠠᠵᠢᠯᠯᠠᠭ᠎ᠠ ᠳᠤ ᠣᠷᠣᠯᠴᠠᠪᠠ᠃      ︽ᠴᠢᠳᠠᠪᠤᠷᠢ ᠶᠢᠨ ᠮᠥᠷᠦ᠋ᠢᠴᠡᠭᠡᠨ︾᠎ ᠤ ᠠᠬᠤᠢ ᠲᠠᠯᠠᠪᠠᠢ ᠳᠤ᠂ ᠠᠩᠬᠠᠨ ᠤ ᠤᠷᠤᠯᠳᠤᠭᠠᠨ ᠢᠶᠠᠷ ᠰᠢᠯᠭᠠᠷᠠᠵᠤ ᠭᠠᠷᠤᠬᠰᠠᠨ 10 ᠰᠢᠯᠢᠳᠡᠭ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠲᠤᠬᠠᠢ ᠶᠢᠨ ᠲᠠᠯᠠᠪᠠᠢ ᠳᠤ ᠲᠤᠰᠢᠶᠠᠯ ᠤᠨ ᠮᠡᠳᠡᠭᠦᠯᠦᠯᠲᠡ ᠬᠢᠬᠦ᠂ ᠸᠢᠳᠢᠣ᠋ ᠦᠵᠡᠭᠦᠯᠬᠦ᠂ ᠰᠣᠯᠢᠯᠴᠠᠭ᠎ᠠ ᠬᠢᠬᠦ ᠵᠡᠷᠭᠡ ᠠᠷᠭ᠎ᠠ ᠬᠡᠯᠪᠡᠷᠢ ᠪᠠᠷ ᠲᠠᠶᠢᠰᠠᠨ ᠲᠡᠭᠡᠷ᠎ᠡ ᠮᠥᠷᠦ᠋ᠢᠴᠡᠵᠦ᠂ ᠰᠢᠯᠭᠠᠷᠠᠭᠤᠯᠬᠤ ᠺᠣᠮᠢᠰ ᠤᠨ ᠭᠡᠰᠢᠭᠦᠨ ᠠᠴᠠ ᠬᠤᠪᠢ ᠥᠭᠬᠦ᠂ ᠲᠤᠬᠠᠢ ᠶᠢᠨ ᠭᠠᠵᠠᠷ ᠲᠤ ᠨᠢ ᠲᠣᠭᠤᠷᠢᠨ ᠦᠵᠡᠬᠦ᠂ ᠤᠯᠠᠨ ᠲᠦᠮᠡᠨ ᠤ ᠬᠠᠨᠤᠮᠵᠢ ᠶᠢᠨ  ᠬᠡᠮᠵᠢᠶ᠎ᠡ ᠶᠢ ᠪᠠᠶᠢᠴᠠᠭᠠᠬᠤ ᠵᠡᠷᠭᠡ ᠭᠤᠭᠴᠤᠭ᠎ᠠ ᠪᠠᠷ ᠬᠠᠮᠤᠭ ᠤᠨ ᠡᠴᠦᠰ ᠲᠤ ᠶᠡᠷᠦᠩᠬᠡᠶᠢᠯᠡᠭᠰᠡᠨ ᠬᠢᠷᠢ ᠪᠦᠲᠦᠮᠵᠢ ᠶᠢ ᠰᠢᠯᠭᠠᠷᠠᠭᠤᠯᠪᠠ᠃ ᠳᠠᠷᠠᠭ᠎ᠠ ᠨᠢ᠂ 5  ᠬᠠᠮᠤᠭ ᠤᠨ ᠰᠢᠯᠢᠳᠡᠭ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠦᠷᠦᠯ ᠲᠡᠮᠳᠡᠭ᠂ ᠠᠷᠪᠠᠨ ᠰᠢᠯᠢᠳᠡᠭ ᠬᠠᠮᠲᠤ ᠪᠠᠷ ᠪᠠᠶᠢᠭᠤᠯᠬᠤ ᠲᠥᠷᠥᠯ ᠵᠦᠢᠯ ᠪᠠ ︽ᠴᠢᠳᠠᠪᠤᠷᠢ ᠶᠢᠨ ᠮᠥᠷᠦ᠋ᠢᠴᠡᠭᠡᠨ︾᠎ ᠤ ᠡᠮᠦᠨ᠎ᠡ ᠨᠡᠷ᠎ᠡ ᠳᠤ ᠲᠤᠳᠤᠷᠠᠬᠰᠠᠨ ᠳᠤ ᠱᠠᠩᠨᠠᠯ ᠭᠠᠷᠳᠠᠭᠤᠯᠪᠠ᠃      ᠣᠶᠢᠷ᠎ᠠ ᠶᠢᠨ ᠵᠢᠯ ᠠᠴᠠ ᠨᠠᠭᠠᠰᠢ᠂ ᠮᠠᠨ ᠤ ᠬᠤᠰᠢᠭᠤ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠶᠢ ᠬᠤᠲᠠ ᠶᠢᠨ ᠵᠠᠰᠠᠯᠲᠠ ᠪᠠ ᠦᠨᠳᠦᠰᠦᠨ ᠱᠠᠲᠤᠨ ᠤ ᠪᠥᠲᠥᠭᠡᠨ ᠪᠠᠶᠢᠭᠤᠯᠤᠯᠲᠠ ᠳᠤ ᠲᠤᠭᠤᠰᠢᠯᠠᠭᠤᠯᠬᠤ ᠬᠤᠷᠢᠭ᠎ᠠ ᠱᠤᠭᠤᠮ ᠪᠣᠯᠭᠠᠬᠤ ᠶᠢ ᠪᠠᠷᠢᠮᠲᠠᠯᠠᠵᠤ᠂ ︽ᠨᠢᠭᠡ ᠲᠥᠪ ᠣᠯᠠᠨ ᠡᠰᠢᠲᠦ︾᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠠᠵᠢᠯ ᠤᠨ ᠣᠶᠢᠯᠠᠭᠠᠭᠳᠠᠬᠤᠨ ᠢ ᠪᠠᠷᠢᠮᠲᠠᠯᠠᠵᠤ᠂ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠷᠪᠠᠨ ᠶᠡᠭᠡ ᠰᠡᠳᠬᠢᠯ ᠢ ᠳᠤᠯᠠᠭᠠᠴᠠᠭᠤᠯᠬᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠳᠤ ᠲᠤᠭᠤᠰᠢᠯᠠᠭᠤᠯᠵᠦ᠂ ᠦᠨᠳᠦᠰᠦᠨ ᠱᠠᠲᠤᠨ ᠤ ᠵᠠᠰᠠᠯᠲᠠ ᠶᠢ ᠪᠠᠲᠤᠯᠠᠵᠤ᠂ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠵᠤ᠂ ᠪᠥᠬᠦ ᠬᠤᠰᠢᠭᠤᠨ ᠤ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠪᠡ᠃      ᠲᠤᠰ ᠤᠳᠠᠭᠠᠨ ᠤ ᠤᠷᠤᠯᠳᠤᠭᠠᠨ ᠨᠢ ︽ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠵᠤ᠂ ᠲᠡᠷᠢᠭᠦᠨ ᠤ ᠬᠢ ᠪᠣᠯᠬᠤ ᠪᠠᠷ ᠪᠥᠬᠦ ᠲᠠᠯ᠎ᠠ ᠪᠠᠷ ᠲᠡᠮᠡᠴᠡᠬᠦ︾ ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠠᠮ ᠤᠨ ᠪᠠᠶᠢᠭᠤᠯᠤᠯᠲᠠ᠂ ᠵᠠᠰᠠᠯᠲᠠ᠂ ᠦᠢᠯᠡᠴᠢᠯᠡᠭᠡᠨ ᠤ ᠴᠢᠳᠠᠪᠤᠷᠢ᠂ ᠣᠯᠠᠨ ᠲᠦᠮᠡᠨ ᠤ ᠰᠡᠳᠬᠢᠯ ᠬᠠᠨᠤᠮᠵᠢ ᠶᠢᠨ ᠬᠡᠮᠵᠢᠶ᠎ᠡ᠂ ᠨᠠᠮ ᠤᠨ ᠪᠠᠶᠢᠭᠤᠯᠤᠯᠲᠠ ᠶᠢᠨ ᠦᠢᠯᠡᠴᠢᠯᠡᠭᠡᠨ ᠤ ᠨᠠᠷᠠᠲᠤ ᠲᠡᠮᠳᠡᠭ ᠤᠨ ᠪᠠᠶᠢᠭᠤᠯᠤᠯᠲᠠ ᠶᠢᠨ ᠦᠷ᠎ᠡ ᠪᠦᠲᠦᠮᠵᠢ᠂ ᠦᠨᠳᠦᠰᠦᠨ ᠱᠠᠲᠤᠨ ᠤ ᠵᠠᠰᠠᠯᠲᠠ ᠶᠢᠨ ᠦᠨᠳᠤᠰᠤᠨ ᠪᠠᠲᠤᠯᠠᠭ᠎ᠠ ᠶᠢᠨ ᠬᠢᠷᠢ ᠲᠦᠪᠰᠢᠨ ᠵᠡᠷᠭᠡ ᠶᠢ ᠠᠳᠬᠤᠬᠤ ᠪᠠᠷ ᠠᠭᠤᠯᠭ᠎ᠠ ᠪᠠᠨ ᠪᠣᠯᠭᠠᠵᠤ᠂ ᠣᠨ ᠤ ᠬᠢᠨᠠᠨ ᠰᠢᠯᠭᠠᠯᠲᠠ᠂ ᠲᠤᠬᠠᠶ ᠶᠢᠨ ᠭᠠᠵᠠᠷ ᠲᠤ ᠨᠢ ᠲᠣᠭᠤᠷᠢᠨ ᠦᠵᠡᠬᠦ᠂ ᠰᠡᠳᠤᠪ ᠬᠠᠷᠢᠭᠤᠯᠬᠤ᠂ ᠬᠠᠮᠲᠤ ᠪᠠᠷ ᠥᠷᠢᠰᠥᠯᠳᠦᠬᠦ ᠵᠡᠷᠭᠡ 4 ᠭᠤᠭᠴᠤᠭ᠎ᠠ ᠶᠢ ᠦᠨᠳᠦᠰᠦᠯᠡᠨ᠂ 10 ᠰᠢᠯᠢᠳᠡᠭ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ ᠰᠢᠯᠭᠠᠷᠠᠭᠤᠯᠤᠨ ᠭᠠᠷᠭᠠᠵᠤ ︽ᠴᠢᠳᠠᠪᠤᠷᠢ ᠶᠢᠨ ᠮᠥᠷᠦ᠋ᠢᠴᠡᠭᠡᠨ︾᠎ ᠤ ᠬᠤᠶᠠᠳᠠᠬᠢ ᠤᠷᠤᠯᠳᠤᠭᠠᠨ ᠳᠤ ᠣᠷᠣᠯᠴᠠᠭᠤᠯᠪᠠ᠃ ᠲᠣᠰ ᠤᠳᠠᠭᠠᠨ ᠤ ᠠᠵᠢᠯᠯᠠᠭ᠎ᠠ ᠪᠣᠯ ᠬᠤᠲᠠ ᠶᠢᠨ ᠨᠠᠮ ᠤᠨ ᠬᠤᠷᠢᠶᠠᠨ ᠤ ︽ᠲᠡᠷᠢᠭᠦᠨ ᠤ ᠬᠢ ᠪᠠᠷ ᠪᠠᠷᠢᠮᠵᠢᠶᠠᠯᠠᠵᠤ ᠨᠡᠬᠡᠨ ᠲᠠᠪᠠᠭ᠋ᠤ︾ ᠠᠵᠢᠯ ᠤᠨ ᠱᠠᠭᠠᠷᠳᠠᠯᠭ᠎ᠠ ᠶᠣᠰᠣᠭᠠᠷ᠂ ︽ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠰᠢᠨ᠎ᠡ ᠶᠢ ᠡᠭᠦᠳᠦᠨ ᠳᠡᠭᠡᠭᠰᠢᠯᠡᠭᠦᠯᠬᠦ︾ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠨᠠᠮ ᠤᠨ ᠪᠠᠶᠢᠭᠤᠯᠤᠯᠲᠠ ᠪᠠᠷ ᠬᠤᠲᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠶᠢ ᠡᠭᠦᠳᠦᠨ ᠬᠥᠭᠵᠢᠬᠦ ᠶᠢ ᠬᠥᠲᠥᠯᠥᠨ ᠳᠠᠭᠠᠭᠤᠯᠬᠤ ᠴᠢᠬᠤᠯᠠ ᠠᠴᠢᠶᠠᠯᠠᠪᠤᠷᠢ ᠪᠠᠶᠢᠵᠤ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠳᠤ ᠬᠠᠷᠢᠯᠴᠠᠨ ᠰᠤᠷᠤᠯᠴᠠᠬᠤ᠂ ᠬᠠᠷᠢᠯᠴᠠᠨ ᠰᠣᠯᠢᠯᠴᠠᠬᠤ ᠲᠠᠪᠴᠠᠩ ᠢ ᠪᠠᠶᠢᠭᠤᠯᠵᠤ ᠥᠭᠴᠡᠶ᠃        
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ