ᠮᠠᠨ ᠤ ᠬᠤᠰᠢᠭᠤᠨ ᠤ ︽ᠤᠯᠠᠨ ᠦᠨᠡᠯᠡᠯᠳᠡ ᠨᠢᠭᠡ ᠲᠠᠪᠴᠠᠩ ᠢᠶᠠᠷ ᠬᠦᠢᠴᠡᠳᠬᠡᠬᠦ︾ ᠲᠣᠭᠠᠴᠢᠯᠠᠭᠰᠠᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠠᠪᠴᠠᠩ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/10/31
     ᠮᠠᠨ ᠤ ᠬᠤᠰᠢᠭᠤᠨ ᠤ ︽ᠤᠯᠠᠨ ᠦᠨᠡᠯᠡᠯᠳᠡ  ᠂ ᠨᠢᠭᠡ ᠲᠠᠪᠴᠠᠩ ᠢᠶᠠᠷ ᠬᠦᠢᠴᠡᠳᠬᠡᠬᠦ︾ ᠲᠣᠭᠠᠴᠢᠯᠠᠭᠰᠠᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠠᠪᠴᠠᠩ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠦ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠠᠨ ᠼᠠᠢ ᠢᠦᠶ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠬᠤᠰᠢᠭᠤ ᠳᠡᠳ᠋ ᠳᠠᠷᠤᠭ᠎ᠠ ᠸᠠᠩ ᠵᠢᠶᠧ᠂  ᠬᠤᠰᠢᠭᠤ ᠳᠡᠳ᠋ ᠳᠠᠷᠤᠭ᠎ᠠ ᠵᠧᠤ ᠯᠢ ᠮᠢᠩ ᠵᠢᠴᠢ ᠡᠯ᠎ᠡ ᠪᠠᠯᠭᠠᠰᠤ᠂ ᠡᠯ᠎ᠡ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ ︽ᠤᠯᠠᠨ ᠦᠨᠡᠯᠡᠯᠳᠡ  ᠂ ᠨᠢᠭᠡ ᠲᠠᠪᠴᠠᠩ ᠢᠶᠠᠷ ᠬᠦᠢᠴᠡᠳᠬᠡᠬᠦ︾ ᠲᠠᠪᠴᠠᠩ ᠤᠨ ᠲᠥᠷᠥᠯ  ᠵᠦᠢᠯ ᠤᠨ ᠠᠬᠢᠴᠠ ᠶᠢᠨ ᠪᠠᠶᠢᠳᠠᠯ ᠢ ᠰᠣᠨᠣᠰᠤᠭᠰᠠᠨ ᠪᠥᠭᠡᠳ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠲᠠᠶᠢᠯᠪᠤᠷᠢᠯᠠᠪᠠ᠃     ᠬᠤᠷᠠᠯ ᠠᠴᠠ᠂ ︽ᠤᠯᠠᠨ ᠦᠨᠡᠯᠡᠯᠲᠡ︾᠎ ᠶᠢᠨ ᠲᠠᠪᠴᠠᠩ ᠤᠨ ᠲᠦᠷᠦᠯ ᠵᠦᠢᠯ ᠪᠣᠯ ᠬᠤᠳᠠ ᠶᠢᠨ ᠨᠠᠮ ᠤᠨ  ᠬᠤᠷᠢᠶ᠎ᠠ᠂ ᠵᠠᠰᠠᠭ ᠤᠨ ᠣᠷᠳᠣᠨ ᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠰᠠᠭᠤᠷᠢᠯᠠᠵᠤ ᠭᠠᠷᠭᠠᠭᠰᠠᠨ ᠴᠢᠬᠤᠯᠠ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠠᠶᠢᠵᠦ᠂ ᠪᠦᠬᠦ ᠬᠤᠳᠠ ᠶᠢᠨ ᠬᠡᠪᠴᠢᠶᠡᠨ ᠳᠤ ᠳᠡᠯᠭᠡᠷᠡᠭᠦᠯᠦᠨ ᠬᠡᠷᠡᠭᠯᠡᠬᠦ ᠲᠠᠪᠴᠠᠩ ᠪᠣᠯᠤᠨ᠎ᠠ᠃ ᠡᠯ᠎ᠡ ᠪᠠᠯᠭᠠᠰᠤ᠂ ᠡᠯ᠎ᠡ ᠬᠤᠯᠪᠤᠬᠳᠠᠯ ᠪᠥᠬᠦᠶ ᠰᠠᠯᠠᠭ᠎ᠠ ᠮᠥᠴᠢᠷ ᠦᠵᠡᠯ ᠰᠠᠨᠠᠭ᠎ᠠ ᠪᠠᠨ ᠦᠳᠲᠡᠷ ᠲᠦᠷᠭᠡᠨ ᠨᠢᠭᠡᠳᠬᠡᠵᠦ᠂ ᠤᠯᠤᠰ ᠲᠥᠷᠥ ᠶᠢ ᠡᠷᠬᠢᠮᠯᠡᠬᠦ ᠦᠨᠳᠦᠷᠴᠡ ᠳᠤ ᠵᠣᠭᠰᠣᠨ᠂ ᠲᠥᠷᠥᠯ ᠵᠦᠢᠯ ᠢ ᠳᠡᠯᠭᠡᠷᠡᠭᠦᠯᠦᠨ ᠬᠡᠷᠡᠭᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠲᠥᠷᠥᠯ ᠵᠦᠢᠯ ᠢ ᠳᠡᠯᠭᠡᠷᠡᠭᠦᠯᠦᠨ ᠬᠡᠷᠡᠭᠯᠡᠬᠦ ᠡᠯ᠎ᠡ ᠵᠦᠢᠯ ᠤᠨ ᠡᠭᠦᠷᠭᠡ ᠶᠢ ᠱᠠᠭᠠᠷᠳᠠᠯᠭ᠎ᠠ ᠶᠣᠰᠣᠭᠠᠷ᠂ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ᠠᠵᠢᠯ ᠢᠶᠠᠨ ᠦᠳᠲᠡᠷ ᠲᠦᠷᠭᠡᠨ ᠥᠷᠨᠢᠭᠦᠯᠵᠦ᠂ ᠠᠵᠢᠯ ᠤᠨ ᠡᠭᠦᠷᠭᠡ ᠪᠠᠨ ᠨᠠᠷᠢᠯᠢᠭᠵᠢᠭᠤᠯᠤᠨ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠲᠥᠷᠥᠯ ᠵᠦᠢᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠦᠨᠡᠨ ᠬᠦ ᠴᠢᠩᠭ᠎ᠠ ᠪᠣᠳᠠᠲᠠᠶ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠶ᠃ ᠬᠠᠷᠢᠭᠤᠴᠠᠯᠭ᠎ᠠ ᠪᠠᠨ ᠲᠦᠷᠭᠡᠨ ᠨᠠᠶᠢᠳᠠᠪᠤᠷᠢᠵᠢᠭᠤᠯᠵᠤ᠂ ᠲᠤᠰ ᠲᠤᠰ ᠤᠨ ᠡᠭᠦᠷᠭᠡ ᠴᠢᠳᠠᠪᠬᠢ ᠶᠢᠨ ᠦᠢᠯᠡᠳᠦᠯ ᠢᠶᠠᠨ ᠪᠦᠬᠦ ᠲᠠᠯ᠎ᠠ ᠪᠠᠷ ᠪᠠᠳᠠᠷᠠᠭᠤᠯᠵᠤ᠂ ᠠᠵᠢᠯ ᠤᠨ ᠲᠤᠰᠢᠶᠠᠯ ᠬᠠᠷᠢᠭᠤᠴᠠᠯᠭ᠎ᠠ ᠶᠢᠨ ᠲᠣᠭᠤᠷᠢᠨ ᠳᠤ᠂ ᠡᠯ᠎ᠡ ᠵᠦᠢᠯ ᠤᠨ ᠡᠭᠦᠷᠭᠡ ᠶᠢ ᠵᠤᠷᠪᠤᠰ ᠳᠠᠷᠠᠭᠠᠯᠠᠨ ᠡᠮᠬᠢᠯᠡᠵᠦ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠵᠢᠷᠤᠭ ᠡᠯᠭᠦᠨ ᠪᠠᠶᠢᠯᠳᠤᠵᠤ᠂ ᠠᠵᠢᠯ ᠤᠨ ᠠᠬᠢᠴᠠ ᠪᠠᠨ ᠲᠦᠷᠭᠡᠳᠬᠡᠨ᠂ ᠠᠯᠢ ᠲᠦᠷᠭᠡᠨ ᠢᠶᠠᠷ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠪᠡ᠃  
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ