ᠡᠵᠡᠨ ᠬᠤᠷᠤᠭ᠎ᠠ ᠬᠤᠰᠢᠭᠤᠨ ᠤ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ 2021 ᠣᠨ ᠤ ᠲᠠᠩᠰᠠ ᠡᠪᠬᠡᠮᠡᠯ ᠤᠨ ᠪᠦᠷᠢᠳᠬᠡᠯ ᠤᠨ ᠣᠨ ᠤ ᠮᠡᠳᠡᠭᠦᠯᠦᠯᠲᠡ ᠶᠢᠨ ᠠᠵᠢᠯ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2022/10/31
    ᠣᠶᠢᠷ᠎ᠠ ᠳᠤ᠂ ᠡᠵᠡᠨ ᠬᠤᠷᠤᠭ᠎ᠠ ᠬᠤᠰᠢᠭᠤᠨ ᠤ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ 2021 ᠣᠨ ᠤ ᠲᠠᠩᠰᠠ ᠡᠪᠬᠡᠮᠡᠯ ᠤᠨ ᠪᠦᠷᠢᠳᠬᠡᠯ ᠤᠨ ᠣᠨ ᠤ ᠮᠡᠳᠡᠭᠦᠯᠦᠯᠲᠡ ᠶᠢᠨ ᠠᠵᠢᠯ ᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠡᠶᠡᠯᠡᠭᠦᠯᠦᠭᠰᠡᠨ ᠪᠥᠭᠡᠳ ᠣᠷᠳᠣᠰ ᠬᠤᠲᠠ ᠶᠢᠨ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ ᠤ ᠬᠢᠨᠠᠨ ᠪᠠᠶᠢᠴᠠᠭᠠᠯᠲᠠ ᠳᠤ ᠬᠢᠷᠢ ᠲᠡᠩᠴᠡᠪᠡ᠃     ᠪᠦᠷᠢᠳᠬᠡᠯ ᠢ ᠦᠨᠳᠦᠰᠦᠯᠡᠪᠡᠯ᠂ 2021 ᠣᠨ ᠤ 12 ᠳ᠋ᠤᠭᠠᠷ ᠰᠠᠷ᠎ᠠ ᠶᠢᠨ 31᠎ ᠤ ᠡᠳᠦᠷ ᠪᠣᠯᠲᠠᠯ᠎ᠠ᠂ ᠡᠵᠡᠨ ᠬᠤᠷᠤᠭ᠎ᠠ ᠬᠤᠰᠢᠭᠤᠨ ᠤ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠤᠷᠳᠤᠨ ᠤ ᠬᠠᠳᠠᠭᠠᠯᠠᠵᠤ ᠪᠠᠶᠢᠭ᠎ᠠ ᠴᠠᠭᠠᠰᠤᠨ ᠲᠠᠩᠰᠠ ᠡᠪᠬᠡᠮᠡᠯ 137517 ᠪᠣᠲᠢ 118671 ᠬᠤᠪᠢ᠂ ᠬᠡᠷᠡᠯ ᠵᠢᠷᠤᠭ ᠤᠨ ᠲᠠᠩᠰᠠ ᠡᠪᠬᠡᠮᠡᠯ 2600 ᠬᠤᠪᠢ ᠪᠠᠶᠢᠵᠦ  ᠂ 85  ᠵᠠᠰᠠᠭ ᠵᠠᠬᠢᠷᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠲᠠᠩᠰᠠ ᠡᠪᠬᠡᠮᠡᠯ ᠤᠨ ᠲᠠᠰᠤᠭ ᠲᠤ ᠬᠠᠳᠠᠭᠠᠯᠠᠵᠤ ᠪᠠᠶᠢᠭ᠎ᠠ ᠴᠠᠭᠠᠰᠤᠨ ᠲᠠᠩᠰᠠ ᠡᠪᠬᠡᠮᠡᠯ 321181 ᠪᠣᠲᠢ 294625 ᠬᠤᠪᠢ᠂ ᠬᠡᠷᠡᠯ ᠵᠢᠷᠤᠭ ᠤᠨ ᠲᠠᠩᠰᠠ ᠡᠪᠬᠡᠮᠡᠯ 2415 ᠬᠤᠪᠢ᠂ ᠪᠣᠳᠠᠲᠤ ᠪᠣᠳᠠᠰ ᠤᠨ ᠲᠠᠩᠰᠠ ᠡᠪᠬᠡᠮᠡᠯ 7480 ᠬᠤᠪᠢ ᠪᠠᠶᠢᠵᠤ᠂ ᠣᠨ ᠤ ᠰᠢᠨ᠎ᠡ ᠪᠠᠷ ᠨᠡᠮᠡᠭᠳᠡᠭᠰᠡᠨ ᠲᠠᠩᠰᠠ ᠡᠪᠬᠡᠮᠡᠯ 169620 ᠪᠣᠲᠢ 113089 ᠬᠤᠪᠢ ᠪᠠᠶᠢᠪᠠ᠃     ᠳᠠᠩᠰᠠ ᠡᠪᠬᠡᠮᠡᠯ ᠤᠨ ᠪᠦᠷᠢᠳᠬᠡᠯ ᠤᠨ ᠣᠨ ᠤ ᠮᠡᠳᠡᠭᠦᠯᠦᠯᠲᠡ ᠶᠢᠨ ᠠᠵᠢᠯ ᠢ ᠥᠷᠨᠢᠭᠦᠯᠦᠭᠰᠡᠨ ᠠᠴᠠ ᠨᠠᠰᠢ᠂ ᠪᠦᠬᠦ ᠬᠤᠰᠢᠭᠤᠨ ᠤ ᠳᠠᠩᠰᠠ ᠡᠪᠬᠡᠮᠡᠯ ᠤᠨ ᠲᠤᠭ᠎ᠠ ᠪᠦᠷᠢᠳᠬᠡᠯ ᠤᠨ ᠶᠠᠰᠤ ᠴᠢᠨᠠᠷ ᠲᠠᠰᠤᠷᠠᠯᠲᠠ ᠦᠭᠡᠢ ᠳᠡᠭᠡᠭᠰᠢᠯᠡᠵᠦ᠂ ᠳᠠᠩᠰᠠ ᠡᠪᠬᠡᠮᠡᠯ ᠤᠨ ᠡᠬᠢ ᠪᠠᠶᠠᠯᠢᠭ ᠤᠨ ᠠᠭᠤᠯᠭ᠎ᠠ ᠨᠢ ᠨᠠᠩ ᠪᠠᠶᠠᠯᠢᠬᠵᠢᠨ᠂ ᠪᠦᠲᠦᠴᠡ ᠨᠢ ᠨᠠᠩ ᠰᠢᠯᠢᠳᠡᠭᠵᠢᠵᠦ᠂ ᠳᠠᠩᠰᠠ ᠡᠪᠬᠡᠮᠡᠯ ᠤᠨ ︽ᠤᠷᠤᠭᠤᠯᠪᠠᠰᠤ ᠵᠣᠬᠢᠬᠤ ᠶᠢ ᠨᠢ ᠪᠦᠬᠦᠨ ᠢ ᠤᠷᠤᠭᠤᠯᠵᠦ᠂ ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠬᠤ︾᠎ ᠶᠢ ᠪᠦᠲᠦᠮᠵᠢᠲᠡᠢ ᠨᠠᠶᠢᠳᠠᠪᠤᠷᠢᠵᠢᠭᠤᠯᠪᠠ᠃ ᠲᠠᠩᠰᠠ ᠡᠪᠬᠡᠮᠡᠯ ᠤᠨ ᠪᠦᠷᠢᠳᠬᠡᠯ ᠤᠨ ᠣᠨ ᠤ ᠮᠡᠳᠡᠭᠦᠯᠦᠯᠲᠡ ᠶᠢᠨ ᠠᠵᠢᠯ ᠢ ᠥᠷᠨᠢᠭᠦᠯᠬᠦ ᠪᠠᠷ ᠳᠠᠮᠵᠢᠭᠤᠯᠤᠨ᠂ ᠮᠠᠨ ᠤ ᠬᠤᠰᠢᠭᠤᠨ ᠤ ᠲᠠᠩᠰᠠ ᠡᠪᠬᠡᠮᠡᠯ ᠤᠨ  ᠦᠢᠯᠡᠰ ᠤᠨ ᠦᠨᠳᠦᠰᠦᠨ ᠪᠠᠶᠢᠳᠠᠯ ᠢ ᠪᠥᠬᠦ ᠲᠠᠯ᠎ᠠ ᠪᠠᠷ ᠣᠨᠣᠪᠴᠢᠲᠠᠶ ᠡᠵᠡᠮᠰᠢᠵᠦ᠂ ᠮᠠᠨ ᠤ ᠬᠤᠰᠢᠭᠤᠨ ᠤ ᠲᠠᠩᠰᠠ ᠡᠪᠬᠡᠮᠡᠯ ᠤᠨ  ᠦᠢᠯᠡᠰ ᠤᠨ ᠢᠷᠡᠬᠡᠳᠦᠢ ᠶᠢᠨ ᠬᠥᠭᠵᠢᠯᠲᠡ ᠳᠤ  ᠰᠢᠢᠳᠪᠦᠷᠢᠳᠦ ᠪᠣᠳᠣᠯᠭ᠎ᠠ ᠶᠢᠨ ᠦᠨᠳᠦᠰᠦᠯᠡᠯ  ᠬᠠᠩᠭᠠᠬᠰᠠᠨ ᠪᠠᠶᠢᠨ᠎ᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ