| ᠤᠶᠢᠷ᠎ᠠ ᠳᠤ᠂ ᠮᠠᠨ ᠤ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭᠠᠨ ᠤ 70 ᠵᠢᠯ ᠤᠨ ᠣᠶ ᠶᠢ ᠳᠤᠷᠠᠰᠬᠠᠬᠤ ᠵᠢᠴᠢ ᠪᠥᠬᠦ | ᠤᠯᠤᠰ ᠤᠨ ᠭᠤᠴᠢᠨ ᠳᠥᠷᠪᠡᠳᠡᠬᠢ ᠤᠳᠠᠭᠠᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠠᠵᠢᠯᠯᠠᠭᠠᠨ ᠤ ᠡᠬᠢᠯᠡᠯᠲᠡ ᠶᠢᠨ ᠶᠣᠰᠣᠯᠠᠯ | ᠠᠮᠤᠭᠤᠯᠠᠩ ᠨᠡᠶᠢᠭᠡᠮ ᠲᠣᠭᠤᠷᠢᠭ ᠲᠤ ᠶᠠᠪᠤᠬᠳᠠᠪᠠ᠃ | ᠲᠣᠰ ᠤᠳᠠᠭᠠᠨ ᠤ ᠠᠵᠢᠯᠯᠠᠭ᠎ᠠ ᠨᠢ ︽ᠪᠣᠯᠪᠠᠰᠤᠨ ᠡᠷᠡᠭᠦᠯ ᠮᠡᠨᠳᠦ᠂ ᠪᠣᠬᠢᠷᠲᠤᠯ ᠥᠬᠡᠶ ᠣᠷᠴᠢᠨ ᠲᠣᠭᠤᠷᠢᠨ ᠤ ᠬᠠᠮᠠᠭᠠᠯᠠᠯᠲᠠ︾ ᠪᠠᠷ ᠭᠤᠤᠯ ᠰᠡᠳᠦᠪ | ᠪᠣᠯᠭᠠᠵᠤ᠂ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ | ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠱᠠᠩᠨᠠᠯᠲᠤ ᠮᠡᠳᠡᠯᠭᠡ ᠶᠢᠨ ᠠᠰᠠᠭᠤᠯᠲᠠ ᠬᠠᠷᠢᠭᠤᠯᠲᠠ ᠵᠡᠷᠭᠡ ᠤᠬᠠᠭᠤᠯᠭ᠎ᠠ ᠶᠢᠨ ᠠᠵᠢᠯᠯᠠᠭ᠎ᠠ ᠪᠣᠯᠤᠨ | ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ᠂ ᠠᠯᠪᠠᠨ ᠵᠢᠷᠤᠮ ᠤᠨ ᠡᠮᠴᠢᠯᠡᠭᠡ᠂ ᠠᠯᠪᠠᠨ ᠵᠢᠷᠤᠮ ᠤᠨ ᠦᠰᠦ ᠵᠠᠰᠠᠬᠤ ᠵᠡᠷᠭᠡ ᠦᠢᠯᠡᠴᠢᠯᠡᠭᠡ ᠶᠢ ᠥᠷᠨᠢᠭᠦᠯᠬᠦ ᠪᠠᠷ | ᠳᠠᠮᠵᠢᠭᠤᠯᠤᠨ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠪᠣᠯᠪᠠᠰᠤᠨ ᠡᠷᠡᠭᠦᠯ ᠪᠣᠬᠢᠷᠲᠤᠯ ᠥᠬᠡᠶ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠠᠮᠢᠳᠤᠷᠠᠯ ᠤᠨ ᠠᠷᠭ᠎ᠠ ᠬᠡᠯᠪᠡᠷᠢ ᠶᠢ ᠬᠥᠮᠦᠵᠢᠭᠦᠯᠦᠨ ᠦᠢᠯᠡᠳᠦᠯᠭᠡᠵᠢᠬᠦᠯᠵᠦ᠂ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠨᠡᠶᠢᠭᠡᠮ ᠤᠨ | ᠶᠡᠭᠡ ᠰᠡᠷᠭᠡᠶᠢᠯᠡᠯᠲᠡ ᠶᠢᠨ ᠱᠤᠭᠤᠮ ᠢ ᠪᠠᠲᠤ ᠴᠤᠭᠴᠠᠯᠠᠭᠰᠠᠨ ᠪᠠᠶᠢᠨ᠎ᠠ᠃ | ᠣᠶᠢᠷ᠎ᠠ ᠶᠢᠨ ᠵᠢᠯ ᠳᠤ᠂ ᠮᠠᠨ ᠤ ᠬᠤᠰᠢᠭᠤ ᠠᠷᠠᠳ ᠲᠦᠮᠡᠨ ᠤ ᠡᠷᠡᠭᠦᠯ ᠮᠡᠨᠳᠦ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠠᠵᠢᠯᠯᠠᠭᠠᠨ ᠤ ᠰᠢᠯᠢᠳᠡᠭ ᠤᠯᠠᠮᠵᠢᠯᠠᠯ ᠢ ᠪᠠᠳᠠᠷᠠᠭᠤᠯᠬᠤ ᠶᠢ ᠢᠮᠠᠭᠲᠠ ᠪᠠᠷᠢᠮᠲᠠᠯᠠᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠠᠵᠢᠯᠯᠠᠭ᠎ᠠ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠬᠤ᠂ ᠬᠤᠲᠠ ᠬᠥᠳᠡᠭᠡ ᠶᠢᠨ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠣᠯᠠᠨ ᠲᠦᠮᠡᠨ ᠤ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ᠂ ᠨᠡᠶᠢᠭᠡᠮ ᠤᠨ ᠡᠷᠡᠭᠦᠯ | ᠮᠡᠨᠳᠦ ᠶᠢ ᠶᠡᠷᠦᠩᠬᠡᠶᠢᠯᠡᠨ ᠵᠠᠰᠠᠬᠤ ᠴᠢᠳᠠᠪᠤᠷᠢ ᠶᠢ ᠴᠢᠩᠭᠠᠳᠬᠠᠬᠤ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠦᠷ᠎ᠡ ᠪᠦᠲᠦᠮᠵᠢ ᠪᠠ ᠪᠦᠲᠦᠭᠡᠯᠴᠢ ᠴᠢᠨᠠᠷᠲᠠᠶ ᠠᠵᠢᠯ ᠬᠢᠵᠡᠶ | ᠃ 2006 ᠣᠨ ᠳᠤ᠂ ᠮᠠᠨ ᠤ ᠬᠤᠰᠢᠭᠤ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ | ᠠᠮᠵᠢᠯᠲᠠ ᠲᠠᠢ ᠡᠭᠦᠳᠦᠨ ᠪᠠᠶᠢᠭᠤᠯᠤᠭᠰᠠᠨ ᠪᠥᠭᠡᠳ ᠤᠯᠤᠰ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠯᠪᠠᠨ ᠬᠡᠷ ᠤᠨ ᠳᠠᠬᠢᠨ ᠬᠢᠨᠠᠠ | ᠰᠢᠯᠭᠠᠯᠳᠠ ᠶᠢ ᠤᠷᠢᠳ ᠬᠤᠵᠢᠳ ᠳᠥᠷᠪᠡ ᠤᠳᠠᠭ᠎ᠠ ᠥᠨᠳᠥᠷ ᠲᠦᠪᠰᠢᠨ ᠢᠶᠠᠷ ᠥᠩᠭᠡᠷᠡᠭᠡᠪᠡ᠃ | | | | | | | |