ᠡᠵᠡᠨ ᠬᠤᠷᠤᠭ᠎ᠠ ᠬᠤᠰᠢᠭᠤ ᠲᠠᠪᠤᠳᠤᠭᠠᠷ ᠬᠤᠭᠤᠴᠠᠭᠠᠨ ᠤ ᠶᠣᠰᠣ ᠰᠤᠷᠲᠠᠬᠤᠨ ᠤ ᠵᠢᠱᠢᠶᠡᠴᠢ ᠶᠢᠨ ᠱᠠᠩᠨᠠᠯ ᠤᠯᠭᠤᠬᠤ ᠦᠳᠡᠰᠢᠯᠡᠭᠡ ᠡᠷᠬᠢᠯᠡᠪᠠ
ᠨᠡᠶᠢᠲᠡᠯᠡᠭᠰᠡᠨ ᠴᠠᠭ᠄
2022/10/31
     ᠡᠵᠡᠨ ᠬᠤᠷᠤᠭ᠎ᠠ ᠬᠤᠰᠢᠭᠤ ᠲᠠᠪᠤᠳᠤᠭᠠᠷ ᠬᠤᠭᠤᠴᠠᠭᠠᠨ ᠤ ᠶᠣᠰᠣ ᠰᠤᠷᠲᠠᠬᠤᠨ ᠤ ᠵᠢᠱᠢᠶᠡᠴᠢ ᠎ ᠶᠢᠨ  ᠱᠠᠩᠨᠠᠯ ᠤᠯᠭᠤᠬᠤ ᠦᠳᠡᠰᠢᠯᠡᠭᠡ ᠡᠷᠭᠢᠯᠡᠪᠡ᠃ ᠬᠤᠸᠠ ᠷᠦᠢ ᠹᠧᠩ᠂ ᠬᠤᠤ ᠶᠦᠩ ᠶᠣᠣ᠂  ᠥ᠋ ᠶᠦᠨ᠂ ᠸᠠᠩ ᠶᠠᠨ ᠵᠢᠶᠦ᠋ᠨ᠂ ᠲᠢᠶᠠᠨ ᠹᠧᠨ ᠴᠢᠩ ᠵᠡᠷᠭᠡ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠱᠠᠩᠨᠠᠯ ᠣᠯᠭᠤᠬᠤ ᠦᠳᠡᠰᠢᠯᠡᠭᠡ ᠳᠤ ᠣᠷᠣᠯᠴᠠᠪᠠ᠃      ᠬᠤᠸᠠ ᠷᠦᠢ ᠹᠧᠩ ᠱᠠᠩᠨᠠᠯ ᠣᠯᠭᠤᠬᠤ ᠦᠳᠡᠰᠢᠯᠡᠭᠡ ᠳᠡᠭᠡᠷ᠎ᠡ ᠪᠠᠶᠠᠷ ᠤᠨ ᠦᠭᠡ ᠬᠡᠯᠡᠭᠰᠡᠨ ᠪᠥᠭᠡᠳ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠢ ᠲᠥᠯᠥᠭᠡᠯᠡᠨ ᠬᠥᠬᠢᠭᠦᠯᠦᠭᠳᠡᠨ ᠰᠠᠶᠢᠰᠢᠶᠠᠭᠳᠠᠭᠰᠠᠨ ᠶᠣᠰᠣ  ᠰᠤᠷᠳᠠᠬᠤᠨ ᠤ ᠵᠢᠱᠢᠶᠡᠴᠢ᠂ ᠲᠡᠷᠢᠭᠦᠨ ᠤ ᠲᠥᠯᠥᠭᠡᠯᠡᠭᠴᠢᠳ ᠲᠤ ᠬᠠᠯᠠᠭᠤᠨ ᠪᠠᠶᠠᠷ ᠬᠦᠷᠭᠡᠪᠡ᠃      ᠬᠤᠸᠠ ᠷᠦᠢ ᠹᠧᠩ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠳᠤ᠂ ᠮᠠᠨ ᠤ ᠬᠤᠰᠢᠭᠤ ᠶᠡᠷᠦᠩᠬᠡᠶ ᠱᠦᠵᠢ ᠰᠢ ᠶᠢᠨ ᠫᠢᠩ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠲᠤᠬᠠᠶ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ  ᠶᠡᠭᠡ ᠪᠠᠷ ᠪᠠᠳᠠᠷᠠᠭᠤᠯᠤᠨ᠂ ᠣᠯᠠᠨ ᠲᠦᠮᠡᠨᠴᠢ ᠴᠢᠨᠠᠷᠲᠠᠶ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠶᠣᠰᠣ ᠰᠤᠷᠲᠠᠬᠤᠨ ᠤ ᠵᠢᠱᠢᠶᠡᠴᠢ᠂ ᠬᠠᠮᠤᠭ ᠤᠨ ᠭᠤᠶᠣ ᠬᠥᠮᠦᠨ᠂ ᠳᠡᠷᠭᠡᠳᠡᠬᠢ ᠰᠠᠶᠢᠨ ᠬᠥᠮᠦᠨ ᠪᠠ ᠪᠣᠯᠪᠠᠰᠤᠨ ᠬᠡᠷ ᠪᠦᠯᠢ ᠶᠢ ᠥᠷᠭᠡᠨ ᠢᠶᠠᠷ ᠰᠣᠩᠭᠤᠨ ᠤᠬᠠᠭᠤᠯᠵᠤ᠂ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠭᠰᠠᠨ᠂ ᠦᠨᠡᠨ ᠤ ᠲᠥᠯᠥᠭᠡ  ᠡᠷᠡᠯᠬᠡᠭ ᠢᠶᠠᠷ ᠲᠡᠮᠡᠴᠡᠭᠰᠡᠨ᠂ ᠦᠨᠡᠨᠴᠢ ᠢᠲᠡᠭᠡᠮᠵᠢᠲᠡᠶ᠂ ᠤᠶᠢᠯᠡᠰ ᠢᠶᠠᠨ ᠳᠡᠭᠡᠳᠦᠯᠡᠵᠦ  ᠬᠠᠷᠠᠮ ᠦᠬᠡᠢ ᠵᠤᠷᠢᠭᠤᠯᠤᠬᠰᠠᠨ᠂ ᠨᠠᠰᠤᠲᠠᠨ ᠢᠶᠠᠨ  ᠠᠴᠢᠯᠠᠵᠦ ᠲᠥᠷᠥᠯ ᠰᠠᠳᠤᠨ ᠢᠶᠠᠨ ᠬᠠᠶᠢᠷᠠᠯᠠᠭᠰᠠᠨ ᠨᠢᠭᠡ ᠪᠦᠯᠦᠭ ᠵᠢᠱᠢᠶᠡᠴᠢ ᠨᠡᠶᠢᠳᠡᠯᠢᠭ ᠬᠦᠮᠤᠰ ᠴᠣᠯᠭᠤᠷᠠᠨ ᠭᠠᠷᠴᠠᠶ᠃ ᠡᠲᠡᠭᠡᠷ ︽ᠳᠡᠷᠭᠡᠳᠡᠬᠢ ᠥᠯᠢᠭᠡᠷ ᠳᠠᠭᠤᠷᠢᠶᠠᠯ︾᠎ ᠨᠢ ᠡᠬᠡᠯ ᠵᠢᠷ ᠤᠨ ᠳᠤᠮᠳᠠ ᠶᠡᠷᠦ ᠪᠤᠰᠤ ᠶᠢᠨ ᠦᠷ᠎ᠡ ᠪᠦᠳᠤᠮᠵᠢ ᠶᠢ ᠡᠬᠦᠳᠴᠤ᠂ ᠡᠬᠡᠯ ᠵᠢᠷ ᠤᠨ ᠳᠤᠮᠳᠠ ᠬᠡᠷᠡᠯ ᠭᠢᠯᠪᠠᠭ᠎ᠠ ᠪᠠᠨ ᠰᠠᠴᠤᠷᠠᠭᠤᠯᠵᠤ ᠪᠠᠶᠢᠨ᠎ᠠ᠂ ᠲᠠᠳᠠ ᠪᠣᠯ ᠡᠵᠡᠨ ᠬᠤᠷᠤᠭ᠎ᠠ ᠶᠢᠨ ᠴᠢᠨᠠᠷ ᠰᠠᠶᠢᠲᠠᠶ ᠬᠥᠭᠵᠢᠯᠲᠡ ᠶᠢᠨ ᠵᠠᠮ ᠳᠡᠭᠡᠷᠡᠬᠢ ᠬᠠᠮᠤᠭ ᠤᠨ ᠬᠠᠯᠠᠭᠤᠨ ᠳᠤᠯᠠᠭᠠᠨ ᠬᠦᠴᠦᠨ ᠴᠢᠳᠠᠯ ᠮᠥᠨ᠃      ᠬᠤᠸᠠ ᠷᠦᠢ ᠹᠧᠩ ᠴᠢᠬᠤᠯᠠᠴᠢᠯᠠᠭᠰᠠᠨ ᠨᠢ᠂ ᠣᠳᠣᠬᠠᠨ ᠳᠤ᠂ ᠪᠥᠬᠦ ᠬᠤᠰᠢᠭᠤ ᠪᠠᠷ ᠢᠶᠠᠨ ᠴᠤᠭ ᠪᠠᠳᠠᠷᠠᠩᠭᠤᠶ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠬᠤᠲᠠ ᠬᠥᠳᠡᠭᠡ ᠶᠢᠨ ᠠᠭᠤᠰᠤᠯᠴᠠᠨ ᠵᠣᠬᠢᠴᠠᠩᠭᠤᠶ ᠬᠥᠭᠵᠢᠬᠦ ᠶᠢ ᠯᠠᠪᠳᠠᠭᠤᠨ ᠪᠠᠲᠤᠲᠠᠶ ᠠᠬᠢᠭᠤᠯᠤᠨ᠂ ᠪᠥᠬᠦ ᠤᠯᠤᠰ ᠤᠨ ᠰᠢᠶᠠᠨ ᠤ ᠱᠠᠲᠤᠨ ᠤ ᠪᠣᠯᠪᠠᠰᠤᠨ ᠬᠤᠲᠠ ᠶᠢ ᠪᠥᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠵᠤ᠂ ᠬᠥᠬᠢᠭᠦᠯᠦᠭᠳᠡᠨ ᠰᠠᠶᠢᠰᠢᠶᠠᠭᠳᠠᠭᠰᠠᠨ ᠶᠣᠰᠣ ᠰᠤᠷᠲᠠᠬᠤᠨ ᠤ ᠵᠢᠱᠢᠶᠡᠴᠢ ᠪᠣᠯᠤᠨ ᠲᠡᠷᠢᠭᠦᠨ ᠤ ᠲᠥᠯᠥᠭᠡᠯᠡᠭᠴᠢᠳ ᠢᠷᠠᠭᠤ ᠠᠯᠳᠠᠷ ᠢᠶᠠᠨ ᠨᠠᠨᠳᠢᠩᠨᠠᠨ᠂  ᠦᠷᠬᠦᠯᠵᠢᠯᠡᠨ ᠴᠢᠷᠮᠠᠶᠢᠵᠤ᠂ ᠲᠤᠰ ᠲᠤᠰ ᠤᠨ ᠢᠶᠠᠨ ᠬᠦᠷᠢᠶᠡᠨ ᠳᠤ ᠲᠦᠷᠦᠭᠦᠯᠡᠨ ᠵᠢᠱᠢᠶ᠎ᠡ ᠦᠵᠡᠭᠦᠯᠬᠦ ᠦᠢᠯᠡᠳᠦᠯ ᠢᠶᠠᠨ ᠦᠷᠭᠦᠯᠵᠢᠯᠡᠨ ᠰᠠᠶᠢᠲᠤᠷ ᠪᠠᠳᠠᠷᠠᠭᠤᠯᠬᠤ ᠶᠢ ᠬᠦᠰᠡᠵᠦ ᠪᠠᠶᠢᠨ᠎ᠠ︔ ᠡᠯ᠎ᠡ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ᠂ ᠪᠠᠯᠠ ᠮᠥᠩᠭᠦ ᠶᠢᠨ ᠳᠡᠮᠵᠢᠯᠭᠡ᠂ ᠰᠠᠶᠢᠨ ᠳᠤᠷ᠎ᠠ ᠶᠢᠨ ᠤᠶᠢᠯᠡᠴᠢᠯᠡᠭᠡ ᠵᠡᠷᠭᠡ ᠡᠯ᠎ᠡ ᠵᠤᠶᠢᠯ ᠤᠨ ᠠᠵᠢᠯ ᠢ ᠰᠠᠶᠢᠲᠤᠷ ᠠᠳᠬᠤᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠰᠢᠨ᠎ᠡ ᠰᠤᠷᠲᠠᠯ ᠢ ᠪᠥᠬᠦ ᠨᠡᠶᠢᠭᠡᠮ ᠤᠨ ᠠᠵᠢᠯᠯᠠᠭᠠᠨ ᠤ ᠤᠬᠠᠮᠰᠠᠷ ᠪᠣᠯᠭᠠᠬᠤ ᠶᠢ ᠠᠬᠢᠭᠤᠯᠬᠤ ᠶᠢ ᠬᠦᠰᠡᠵᠦ ᠪᠠᠶᠢᠨ᠎ᠠ︔ ᠥᠷᠭᠡᠨ ᠤᠯᠠᠨ ᠺᠠᠳ᠋ᠷ ᠤᠯᠠᠨ ᠲᠦᠮᠡᠨ ᠲᠡᠷᠢᠬᠦᠨ ᠤ ᠬᠦᠮᠤᠰ ᠢᠶᠠᠷ ᠢᠷᠠᠭᠤ ᠠᠯᠳᠠᠷ ᠢᠶᠠᠨ ᠪᠣᠯᠭᠠᠵᠤ᠂ ᠵᠢᠱᠢᠶᠡᠴᠢ ᠎ ᠠᠴᠠ ᠲᠠᠭᠠᠨ ᠰᠤᠷᠤᠯᠴᠠᠵᠦ᠂ ᠡᠷᠬᠢᠮ ᠳᠡᠭᠡᠳᠦ ᠶᠣᠰᠣ ᠰᠤᠷᠲᠠᠬᠤᠨ ᠤ ᠦᠢᠯᠡᠳᠦᠯᠭᠡᠵᠢᠭᠦᠯᠦᠭᠴᠢ᠂ ᠪᠣᠯᠪᠠᠰᠤᠨ ᠬᠡᠪ ᠰᠤᠷᠲᠠᠯ ᠤᠨ ᠬᠠᠮᠠᠭᠠᠯᠠᠭᠴᠢ᠂ ᠰᠠᠶᠢᠨ ᠰᠠᠶᠢᠬᠠᠨ ᠠᠮᠢᠳᠤᠷᠠᠯ ᠤᠨ ᠡᠭᠦᠳᠦᠨ ᠪᠦᠲᠦᠭᠡᠭᠴᠢ ᠪᠣᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠯ᠎ᠡ᠃       ᠱᠠᠩᠨᠠᠯ ᠣᠯᠭᠤᠬᠤ ᠦᠳᠡᠰᠢᠯᠡᠭᠡ ᠨᠢ ︽ᠬᠠᠮᠤᠭ ᠤᠨ ᠭᠤᠶᠣ ᠬᠥᠮᠦᠨ︾᠂ ︽ᠳᠡᠷᠭᠡᠳᠡᠬᠢ ᠰᠠᠶᠢᠨ ᠬᠥᠮᠦᠨ︾᠂ ︽ᠪᠣᠯᠪᠠᠰᠤᠨ ᠬᠡᠷ ᠪᠦᠯᠢ︾᠂ ︽ᠶᠣᠰᠣ ᠰᠤᠷᠲᠠᠬᠤᠨ ᠤ ᠵᠢᠱᠢᠶᠡᠴᠢ︾᠂ ︽ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ︾ ᠵᠡᠷᠭᠡ 5 ᠪᠦᠯᠦᠭ ᠢᠶᠠᠷ ᠪᠦᠷᠢᠯᠳᠦᠵᠦ᠂ ᠣᠬᠤᠷ ᠹᠢᠯᠢᠮ ᠦᠵᠡᠬᠦᠯᠬᠦ᠂ ᠲᠤᠬᠠᠶ ᠶᠢᠨ ᠲᠠᠯᠠᠪᠠᠶ ᠳᠤ ᠰᠤᠷᠪᠤᠯᠵᠢᠯᠠᠭ᠎ᠠ ᠬᠢᠬᠦ᠂ ᠱᠠᠩᠨᠠᠯ ᠤᠨ ᠮᠧᠳᠠᠯ ᠣᠯᠭᠤᠬᠤ᠂ ᠬᠦᠨᠳᠦᠳᠬᠡᠯ ᠳᠡᠪᠰᠢᠭᠦᠯᠬᠦ᠂ ᠤᠷᠠᠨ ᠰᠠᠶᠢᠬᠠᠨ ᠤ ᠲᠣᠭᠯᠠᠯᠲᠠ ᠭᠠᠷᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ 87 ᠶᠣᠰᠣ ᠰᠤᠷᠲᠠᠬᠤᠨ ᠤ ᠵᠢᠱᠢᠶᠡᠴᠢ ᠪᠣᠯᠤᠨ ᠲᠡᠷᠢᠭᠦᠨ ᠤ  ᠲᠦᠯᠦᠭᠡᠯᠡᠭᠴᠢ ᠶᠢᠨ ᠨᠡᠶᠢᠭᠡᠮ ᠨᠡᠶᠢᠲᠡ ᠶᠢᠨ ᠶᠣᠰᠣ  ᠮᠤᠷᠠᠯ᠂ ᠠᠵᠢᠯ ᠮᠡᠷᠭᠡᠵᠢᠯ ᠤᠨ ᠶᠣᠰᠣ ᠮᠣᠷᠠᠯ᠂ ᠬᠡᠷ ᠪᠦᠯᠢ ᠶᠢᠨ ᠰᠠᠶᠢᠨ ᠰᠠᠶᠢᠬᠠᠨ ᠶᠣᠰᠣ ᠮᠣᠷᠠᠯ ᠪᠣᠯᠤᠨ ᠬᠤᠪᠢ ᠬᠥᠮᠦᠨ ᠤ ᠵᠠᠩ ᠮᠣᠷᠠᠯ ᠢ  ᠤᠶᠢᠯᠡᠳᠤᠯᠭᠡᠵᠢᠬᠦᠯᠦᠭᠰᠡᠨ ᠴᠠᠭ ᠦᠶ᠎ᠡ ᠶᠢᠨ ᠴᠤᠭ ᠵᠢᠪᠬᠤᠭ᠎ᠠ ᠶᠢ ᠳᠠᠬᠢᠨ ᠢᠯᠡᠷᠡᠭᠦᠯᠪᠡ᠃      ᠡᠵᠡᠨ ᠬᠤᠷᠤᠭ᠎ᠠ ᠬᠤᠰᠢᠭᠤᠨ ᠤ ᠶᠣᠰᠣ ᠰᠤᠷᠲᠠᠬᠤᠨ ᠤ ᠵᠢᠱᠢᠶᠡᠴᠢ ᠶᠢ ᠬᠤᠶᠠᠷ ᠵᠢᠯ ᠳᠤ ᠨᠢᠭᠡ ᠤᠳᠠᠭ᠎ᠠ ᠰᠢᠯᠭᠠᠷᠠᠭᠤᠯᠵᠤ ᠬᠥᠬᠢᠭᠦᠯᠦᠨ ᠰᠠᠶᠢᠰᠢᠶᠠᠨ᠂  ᠤᠳᠤᠬᠠᠨ ᠪᠣᠯᠲᠠᠯ᠎ᠠ᠂ ᠨᠡᠶᠢᠲᠡ ᠮᠢᠩᠭ᠎ᠠ ᠰᠢᠬᠠᠮ ᠶᠣᠰᠣ ᠰᠤᠷᠲᠠᠬᠤᠨ ᠤ ᠵᠢᠱᠢᠶᠡᠴᠢ ᠶᠢ ᠰᠢᠯᠭᠠᠷᠠᠭᠤᠯᠪᠠ᠃ ᠡᠲᠡᠭᠡᠷ ᠵᠢᠱᠢᠶᠡᠴᠢ ᠪᠣᠯ ᠶᠣᠰᠣ ᠰᠤᠷᠲᠠᠬᠤᠨ ᠤ  ᠤᠶᠢᠯᠡᠳᠤᠯᠭᠡᠵᠢᠬᠦᠯᠦᠭᠴᠢ᠂ ᠵᠣᠷᠢᠭ ᠰᠠᠨᠠᠭᠠᠨ ᠤ ᠳᠠᠭᠠᠭᠤᠯᠤᠭᠴᠢ᠂ ᠴᠠᠭ ᠦᠶ᠎ᠡ ᠶᠢᠨ ᠡᠷᠡᠯᠬᠡᠭᠯᠡᠨ ᠲᠡᠮᠡᠴᠡᠭᠴᠢ ᠪᠠᠶᠢᠵᠤ᠂ ᠲᠡᠳᠡᠨ ᠤ ᠲᠡᠷᠢᠭᠦᠨ ᠤ  ᠤᠶᠢᠯᠡ ᠠᠵᠢᠯᠯᠠᠭ᠎ᠠ ᠪᠠ ᠡᠷᠬᠢᠮ ᠳᠡᠭᠡᠳᠦ ᠵᠠᠩ ᠴᠢᠨᠠᠷ ᠨᠢ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢᠨ ᠪᠠᠶᠠᠯᠢᠭ ᠠᠭᠤᠯᠤᠭᠳᠠᠬᠤᠨ ᠢ ᠠᠮᠢᠳᠤᠯᠢᠭ ᠢᠶᠠᠷ  ᠢᠯᠡᠷᠡᠬᠦᠯᠵᠦ᠂ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ ᠡᠯᠪᠡᠭ ᠪᠠᠶᠠᠯᠢᠭ ᠦᠷ᠎ᠡ ᠪᠦᠲᠦᠭᠡᠯ ᠢ ᠲᠥᠪᠯᠡᠷᠡᠩᠭᠦᠶ ᠢᠯᠡᠷᠡᠬᠦᠯᠤᠨ᠂ ᠰᠢᠨ᠎ᠡ ᠴᠠᠭ ᠦᠶ᠎ᠡ ᠳᠤ ᠡᠷᠡᠯᠬᠡᠭᠯᠡᠨ ᠲᠡᠮᠡᠴᠡᠬᠦ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠬᠦᠢᠴᠡᠳ ᠢᠯᠡᠷᠡᠭᠦᠯᠵᠦ᠂ ᠢᠯᠡ ᠲᠣᠳᠣ ᠨᠡᠶᠢᠲᠡᠯᠢᠭ ᠴᠢᠨᠠᠷᠲᠠᠶ ᠵᠢᠱᠢᠶ᠎ᠡ ᠦᠵᠡᠭᠦᠯᠬᠦ ᠴᠢᠨᠠᠷ ᠪᠠ ᠬᠥᠲᠥᠯᠥᠨ ᠳᠠᠭᠠᠭᠤᠯᠬᠤ ᠬᠦᠴᠦᠨ ᠲᠠᠢ ᠶᠤᠮ᠃      ᠲᠣᠰ ᠤᠳᠠᠭᠠᠨ ᠤ ᠠᠵᠢᠯᠯᠠᠭ᠎ᠠ ᠶᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂  ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ ᠠᠯᠪᠠᠨ ᠬᠡᠷ᠂ ᠬᠠᠮ ᠵᠠᠭᠤᠴᠢᠯᠠᠭᠤᠷ ᠤᠨ ᠲᠥᠪ᠂ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠤᠯᠠᠭᠠᠨᠮᠥ᠋ᠴᠢᠷ ᠵᠡᠷᠭᠡ ᠪᠠᠶᠢᠭᠤᠯᠭ᠎ᠠ ᠨᠢᠭᠡᠴᠡ ᠬᠠᠮᠲᠤᠷᠠᠨ ᠳᠠᠭᠠᠭᠠᠴᠢᠯᠠᠨ ᠡᠷᠭᠢᠯᠡᠪᠡ᠃      ᠪᠦᠬᠦ ᠬᠤᠰᠢᠭᠤᠨ ᠤ ︽ᠬᠤᠶᠠᠷ ᠬᠤᠷᠠᠯ︾᠎ ᠳᠤ ᠣᠷᠣᠯᠴᠠᠭᠰᠠᠨ ᠠᠷᠠᠳ ᠤᠨ ᠲᠥᠯᠥᠭᠡᠯᠡᠭᠴᠢ ᠪᠠ ᠤᠯᠤᠰ ᠲᠥᠷᠦ ᠶᠢᠨ ᠵᠥᠪᠯᠡᠯᠭᠡᠨ ᠤ ᠭᠡᠰᠢᠭᠦᠨ᠂ ᠥᠩᠭᠡᠷᠡᠭᠰᠡᠨ ᠤ ᠡᠯ᠎ᠡ ᠱᠠᠲᠤᠨ ᠤ ᠡᠯ᠎ᠡ ᠲᠥᠷᠥᠯ ᠤᠨ ᠲᠡᠷᠢᠭᠦᠨ ᠤ ᠨᠡᠶᠢᠲᠡᠯᠢᠭ ᠵᠢᠱᠢᠶᠡᠴᠢ᠂ ᠡᠯ᠎ᠡ ᠲᠣᠰᠬᠤᠨ ᠪᠠᠯᠭᠠᠰᠤ ᠨᠡᠶᠢᠭᠡᠮ ᠲᠣᠭᠤᠷᠢᠭ ᠤᠨ ᠣᠯᠠᠨ ᠲᠦᠮᠡᠨ ᠤ ᠲᠥᠯᠥᠭᠡᠯᠡᠭᠴᠢ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ  ᠨᠢᠭᠡᠴᠢ ᠶᠢᠨ ᠺᠠᠳ᠋ᠷ ᠠᠵᠢᠯᠲᠠᠨ ᠤ ᠲᠥᠯᠥᠭᠡᠯᠡᠭᠴᠢ ᠱᠠᠩᠨᠠᠯ ᠣᠯᠭᠤᠬᠤ ᠶᠣᠰᠣᠯᠠᠯ ᠳᠤ ᠣᠷᠣᠯᠴᠠᠪᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ