ᠮᠠᠨ ᠤ ᠬᠤᠰᠢᠭᠤᠨ ᠤ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠵᠢᠴᠢ ᠬᠤᠰᠢᠭᠤᠨ ᠤ ᠨᠠᠮ ᠤᠨ ᠬᠤᠷᠢᠶᠠᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ ᠠᠩᠬᠠᠳᠤᠭᠠᠷ ᠤᠳᠠᠭ᠎ᠠ ᠶᠢᠨ ᠪᠥᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/10/31
     ᠮᠠᠨ ᠤ ᠬᠤᠰᠢᠭᠤᠨ ᠤ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠵᠢᠴᠢ ᠬᠤᠰᠢᠭᠤᠨ ᠤ ᠨᠠᠮ ᠤᠨ ᠬᠤᠷᠢᠶᠠᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ ᠠᠩᠬᠠᠳᠤᠭᠠᠷ ᠤᠳᠠᠭ᠎ᠠ ᠶᠢᠨ ᠪᠥᠬᠦᠳᠡ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠤᠸᠠ ᠷᠦᠢ ᠹᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠬᠰᠠᠨ ᠪᠠᠶᠢᠨ᠎ᠠ᠃      ᠬᠤᠷᠠᠯ ᠠᠴᠠ ᠬᠤᠲᠠ ᠶᠢᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠵᠢᠴᠢ ᠬᠤᠲᠠ ᠶᠢᠨ ᠨᠠᠮ ᠤᠨ ᠬᠤᠷᠢᠶᠠᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ ᠠᠩᠬᠠᠳᠤᠭᠠᠷ ᠤᠳᠠᠭ᠎ᠠ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ︽ᠡᠵᠡᠨ ᠬᠤᠷᠤᠭ᠎ᠠ ᠬᠤᠰᠢᠭᠤᠨ ᠤ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ ᠠᠵᠢᠯ ᠤᠨ ᠭᠤᠤᠯᠳᠠᠯᠭ᠎ᠠ︾ ᠪᠣᠯᠤᠨ ︽ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ ᠠᠵᠢᠯ ᠤᠨ ᠭᠤᠤᠯᠳᠠᠯᠭ᠎ᠠ︾᠎ ᠶᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃      ᠬᠤᠷᠠᠯ ᠠᠴᠠ ᠵᠢᠭᠠᠵᠦ ᠭᠠᠷᠭᠠᠬᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠬᠤᠶᠠᠷ ᠢ ᠬᠦᠷᠢᠶᠡᠯᠡᠬᠦ ᠪᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠲᠠᠢ ᠦᠨᠡᠨ ᠬᠦ ᠨᠢᠭᠡᠳᠬᠡᠵᠦ᠂ ᠬᠤᠶᠠᠷ ᠢ ᠬᠦᠷᠢᠶᠡᠯᠡᠬᠦ ᠪᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠶᠠᠷ ᠢ ᠬᠦᠷᠢᠶᠡᠯᠡᠬᠦ ᠪᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠠᠷᠭ᠎ᠠ ᠶᠢᠨ ᠲᠠᠯ᠎ᠠ ᠪᠠᠷ ᠤᠯᠠᠮ ᠨᠢᠭᠡ ᠠᠯᠬᠤᠮ ᠰᠢᠨ᠎ᠡ ᠶᠢ ᠡᠭᠦᠳᠴᠦ᠂ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠦᠢᠯᠡᠴᠢᠯᠡᠭᠡᠨ ᠤ ᠪᠠᠲᠤᠯᠠᠭ᠎ᠠ ᠶᠢ ᠰᠢᠯᠢᠳᠡᠭᠵᠢᠬᠦᠯᠦᠨ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠠᠶᠤᠯ ᠲᠦᠭᠰᠢᠭᠦᠷᠢ ᠵᠥᠷᠢᠴᠡᠯ ᠢ ᠢᠳᠡᠪᠬᠢᠲᠡᠶ ᠠᠷᠢᠯᠭᠠᠨ᠂ ᠬᠤᠶᠠᠷ ᠢ ᠬᠦᠷᠢᠶᠡᠯᠡᠬᠦ ᠪᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠰᠢᠨ᠎ᠡ ᠴᠠᠭ ᠦᠶ᠎ᠡ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠪᠡ᠃      ᠬᠤᠷᠠᠯ ᠠᠴᠠ ᠴᠢᠬᠤᠯᠠᠴᠢᠯᠠᠬᠰᠠᠨ ᠨᠢ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠬᠤᠶᠠᠷ ᠢ ᠬᠦᠷᠢᠶᠡᠯᠡᠬᠦ ᠪᠠ ᠴᠡᠷᠢᠭ ‍ᠤᠨ‌ᠠᠯᠪᠠ ᠠᠴᠠ ᠬᠠᠯᠠᠭᠳᠠᠭᠰᠠᠳ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ᠃ ᠤᠳᠤᠷᠢᠳᠬᠤ ᠳᠤᠭᠤᠶᠢᠯᠠᠩ ᠤᠨ ᠬᠢᠨ ᠵᠣᠬᠢᠶᠠᠨ ᠪᠠᠶᠢᠭᠤᠯᠵᠤ ᠵᠣᠬᠢᠴᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠲᠦᠷᠦ ᠶᠢᠨ ᠪᠤᠳᠤᠯᠭ᠎ᠠ ᠶᠢᠨ ᠰᠤᠳᠤᠯᠭᠠᠨ ᠪᠠ ᠱᠠᠯᠠᠪᠳᠠᠭᠤᠯᠤᠨ ᠪᠠᠶᠢᠴᠠᠭᠠᠵᠤ ᠵᠢᠯᠣᠭᠤᠳᠬᠤ ᠪᠠᠨ ᠴᠢᠩᠭᠠᠳᠬᠠᠨ᠂ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠲᠥᠪ᠂ ᠥᠪᠡᠷᠲᠡᠭᠡᠨ ᠵᠠᠰᠠᠬᠤ ᠣᠷᠣᠨ᠂ ᠬᠤᠳᠠ᠂ ᠬᠤᠰᠢᠭᠤ ᠡᠯ᠎ᠡ ᠱᠠᠲᠤᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠬᠤᠰᠢᠭᠤ ᠱᠠᠲᠤᠨ ᠤ ᠰᠠᠯᠠᠭ᠎ᠠ ᠮᠥᠴᠢᠷ ᠤᠨ ᠡᠭᠦᠷᠭᠡ ᠶᠢᠨ ᠬᠤᠪᠢᠶᠠᠷᠢᠯᠠᠯ ᠢ ᠨᠠᠷᠢᠯᠢᠭᠵᠢᠭᠤᠯᠵᠤ᠂ ᠬᠠᠮᠢᠶᠠᠷᠤᠯᠲᠠ ᠶᠢᠨ ᠳᠦᠷᠢᠮ᠂ ᠠᠵᠢᠯ ᠤᠨ ᠴᠤᠪᠤᠷᠠᠯ᠂ ᠠᠵᠢᠯᠯᠠᠭᠠᠨ ᠤ ᠲᠣᠭᠲᠠᠴᠠ ᠶᠢ ᠪᠦᠷᠢᠨ ᠪᠣᠯᠭᠠᠨ ᠲᠡᠭᠦᠯᠳᠡᠷᠵᠢᠭᠦᠯᠵᠦ᠂ ᠠᠵᠢᠯ ᠤᠨ ᠳᠦᠷᠢᠮᠵᠢᠯ᠂ ᠪᠠᠷᠢᠮᠵᠢᠶᠠᠵᠢᠯ ᠢ ᠪᠡᠶᠡᠯᠡᠬᠦᠯᠦᠨ᠂ ᠦᠢᠯᠡᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ︽ᠨᠢᠭᠡ ᠬᠥᠯᠭᠡ ᠰᠢᠲᠠᠷ᠎ᠠ︾᠎ ᠶᠢᠨ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠲᠥᠯᠥᠭᠡ ᠪᠣᠳᠣᠯᠬᠢᠯᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠲᠥᠯᠥᠭᠡ ᠰᠠᠨᠠᠭᠠᠰᠢᠷᠠᠨ᠂ ᠴᠡᠷᠢᠭ ᠠᠩᠭᠢ ᠪᠠ ᠣᠷᠣᠨ ᠨᠤᠲᠤᠭ ᠬᠠᠷᠢᠯᠴᠠᠨ ᠬᠡᠷᠡᠭᠴᠡᠭᠡ ᠱᠠᠭᠠᠷᠳᠠᠯᠭ᠎ᠠ ᠪᠠᠨ ᠳᠤᠷᠠᠳᠬᠤ᠂ ᠬᠠᠷᠢᠯᠴᠠᠨ ᠪᠣᠳᠠᠲᠤ ᠶᠠᠪᠤᠳᠠᠯ ᠬᠢᠬᠦ ︽ᠬᠤᠤᠰ ᠨᠠᠷᠢᠨ ᠲᠠᠩᠰᠠ︾᠎ ᠶᠢᠨ ᠠᠵᠢᠯ ᠤᠨ ᠲᠣᠭᠲᠠᠴᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠢ ᠦᠨᠡᠨ ᠬᠦ ᠰᠠᠶᠢᠲᠤᠷ ᠲᠥᠪᠬᠢᠨᠡᠭᠦᠯᠵᠦ᠂ ᠰᠠᠶᠢᠲᠤᠷ ᠦᠢᠯᠡᠴᠢᠯᠡᠵᠦ᠂ ᠰᠠᠶᠢᠲᠤᠷ ᠪᠠᠲᠤᠯᠠᠵᠤ᠂ ᠮᠠᠨ ᠤ ᠬᠤᠰᠢᠭᠤᠨ ᠤ ᠬᠤᠶᠠᠷ ᠢ ᠬᠦᠷᠢᠶᠡᠯᠡᠬᠦ ᠪᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠬᠡᠷᠡᠭᠲᠡᠶ ᠭᠡᠰᠡᠨ ᠪᠠᠶᠢᠨ᠎ᠠ᠃        
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ