| ᠤᠶᠢᠷ᠎ᠠ ᠳᠤ᠂ ᠮᠠᠨ ᠤ ᠬᠤᠰᠢᠭᠤ ᠪᠣᠯᠤᠨ ᠵᠢᠶᠠᠩᠰᠦ ᠶᠢᠨ ᠴᠢᠩ ᠨᠸᠡᠭ ᠬᠤᠪᠢ ᠤᠷᠤᠭᠤᠯᠤᠬᠰᠠᠨ ᠺᠣᠮᠫᠠᠨᠢ ᠶᠠᠷᠢᠯᠴᠠᠬᠤ ᠬᠤᠷᠠᠯ ᠬᠢᠵᠦ᠂ ᠬᠤᠰᠢᠭᠤ ᠳᠡᠳ᠋ | ᠳᠠᠷᠤᠭ᠎ᠠ ᠳ᠋ᠦ᠋ ᠶᠠᠨ ᠪᠢᠨ᠂ ᠵᠢᠶᠠᠩᠰᠦ ᠶᠢᠨ ᠴᠢᠩ ᠨᠸᠡᠭ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠵᠠᠩ ᡂᠢ ᠬᠤᠷᠠᠯ ᠳᠤ | ᠰᠠᠭᠠᠳᠠᠵᠦ᠂ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠳ᠋ᠦ᠋ ᠶᠠᠨ ᠪᠢᠨ ᠵᠠᠩ ᡂᠢ ᠨᠡᠷ ᠤᠨ ᠮᠠᠨ ᠤ ᠬᠤᠰᠢᠭᠤᠨ ᠳᠤ ᠪᠠᠯᠠ ᠣᠷᠣᠭᠤᠯᠤᠨ ᠦᠢᠯᠡᠰ ᠪᠤᠰᠬᠠᠬᠤ ᠶᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ | ᠲᠡᠷᠡ᠂ ᠮᠠᠨ ᠤ ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ ᠲᠣᠪᠤᠶᠢᠮ᠎ᠠ᠂ ᠣᠷᠣᠨ ᠪᠠᠶᠢᠷᠢ ᠶᠢᠨ ᠨᠥᠬᠦᠴᠡᠯ ᠳᠠᠪᠠᠭᠤᠯᠢᠭ᠂ ᠰᠣᠶᠣᠯ ᠢᠷᠭᠡᠨᠰᠢᠯ ᠤᠨ ᠣᠷᠴᠢᠨ | ᠲᠣᠭᠤᠷᠢᠨ ᠰᠠᠶᠢᠨ᠂ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠬᠦ ᠰᠠᠭᠤᠷᠢ ᠪᠠᠲᠤ᠂ ᠵᠠᠬ᠎ᠠ ᠳᠡᠯᠭᠡᠭᠦᠷ ᠤᠨ ᠢᠷᠡᠭᠡᠳᠦᠶ ᠰᠠᠷᠠᠭᠤᠯ ᠠᠭᠤᠳᠠᠮ ᠪᠠᠶᠢᠨ᠎ᠠ᠃ | ᠬᠤᠶᠠᠷ ᠲᠠᠯ᠎ᠠ ᠪᠠᠷ ᠢᠶᠠᠨ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠨᠡᠩ ᠶᠡᠭᠡ ᠬᠡᠪᠴᠢᠶ᠎ᠡ᠂ ᠨᠡᠩ ᠭᠦᠨ ᠳᠠᠪᠬᠤᠷᠭ᠎ᠠ᠂ ᠨᠡᠩ ᠥᠷᠭᠡᠨ ᠬᠦᠷᠢᠶᠡᠨ ᠳᠤ | ᠲᠦᠷᠦᠯ ᠵᠦᠢᠯ ᠤᠨ ᠬᠠᠮᠲᠤᠷᠠᠯᠴᠠᠭ᠎ᠠ ᠥᠷᠨᠢᠭᠦᠯᠬᠦ ᠪᠠᠷ ᠴᠢᠷᠮᠠᠶᠢᠵᠤ᠂ ᠣᠷᠣᠨ ᠨᠤᠲᠤᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ | ᠬᠥᠳᠡᠯᠭᠡᠬᠦ ᠡᠨᠧᠷᠭᠢ ᠨᠡᠮᠡᠷᠢᠯᠡᠬᠦ ᠶᠢ ᠬᠦᠰᠡᠵᠦ ᠪᠠᠶᠢᠨ᠎ᠠ ᠭᠡᠪᠡ᠃ | ᠶᠠᠷᠢᠯᠴᠠᠬᠤ ᠬᠤᠷᠠᠯ ᠳᠤ ᠣᠷᠣᠯᠴᠠᠭᠰᠠᠨ ᠠᠵᠤ ᠠᠬᠤᠶᠢᠯᠠᠯᠲᠠᠳ ᠢᠯᠡᠷᠬᠡᠶᠢᠯᠡᠬᠦ ᠳᠤ ᠪᠠᠨ᠂ ᠮᠡᠷᠭᠡᠵᠢᠯ᠂ ᠲᠦᠷᠦᠯ ᠲᠡᠮᠳᠡᠭ᠂ ᠵᠠᠬ᠎ᠠ ᠳᠡᠯᠭᠡᠭᠦᠷ ᠤᠨ | ᠳᠠᠪᠠᠭᠤᠯᠢᠭ ᠢᠶᠠᠨ ᠪᠠᠳᠠᠷᠠᠭᠤᠯᠵᠤ᠂ ᠵᠣᠯᠭᠠᠯᠳᠤᠭᠤᠯᠤᠨ ᠰᠣᠯᠢᠯᠴᠠᠬᠤ ᠪᠠᠨ ᠴᠢᠩᠭᠠᠳᠬᠠᠨ᠂ ᠢᠷᠡᠭᠡᠳᠦᠶ ᠶᠢᠨ ᠬᠠᠮᠲᠤᠷᠠᠯᠴᠠᠭᠠᠨ ᠤ ᠵᠠᠭᠪᠤᠷ ᠢᠶᠠᠨ ᠭᠦᠨᠵᠡᠭᠡᠶᠢᠷᠡᠭᠦᠯᠵᠦ᠂ | ᠲᠥᠷᠥᠯ ᠵᠦᠢᠯ ᠢ ᠲᠦᠷᠭᠡᠬᠡᠨ ᠨᠠᠶᠢᠳᠠᠪᠤᠷᠢᠵᠢᠭᠤᠯᠬᠤ ᠶᠢ ᠬᠦᠴᠦᠯᠡᠨ ᠠᠬᠢᠭᠤᠯᠵᠤ᠂ ᠡᠵᠡᠨ ᠬᠤᠷᠤᠭ᠎ᠠ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠬᠠᠮᠲᠤ ᠪᠠᠷ | ᠬᠦᠴᠦᠨ ᠨᠡᠮᠡᠷᠢᠯᠡᠨ᠎ᠡ ᠭᠡᠵᠡᠶ᠃ | | | | | | | |