ᠮᠠᠨ ᠤ ᠬᠤᠰᠢᠭᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2022/10/31
     ᠮᠠᠨ ᠤ ᠬᠤᠰᠢᠭᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ᠃  ᠬᠤᠰᠢᠭᠤ ᠳᠡᠳ᠋ ᠳᠠᠷᠤᠭ᠎ᠠ ᠯᠢ ᠬᠦᠶ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠮᠤᠭ ᠤᠨ ᠰᠢᠨ᠎ᠡ ᠠᠬᠢᠴᠠ ᠶᠢᠨ ᠪᠠᠶᠢᠳᠠᠯ ᠢ ᠮᠡᠳᠡᠭᠳᠡᠪᠡ᠃      ᠮᠠᠨ ᠤ ᠬᠤᠰᠢᠭᠤᠨ ᠤ ᠤᠯᠠᠭᠠᠨᠮᠦ᠋ᠷᠡᠨ ᠪᠠᠯᠭᠠᠰᠤᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠬᠥᠮᠦᠰ ᠤᠨ ᠳᠣᠲᠣᠷ᠎ᠠ ᠠᠴᠠ ᠠᠩᠬ᠎ᠠ ᠰᠢᠭᠰᠢᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠭᠰᠡᠨ ᠭᠦᠸᠧ ᠣᠪᠣᠭᠲᠤ ᠶᠢ ᠢᠯᠡᠷᠡᠭᠦᠯᠵᠦ᠂ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠳᠠᠬᠢᠨ ᠬᠢᠨᠠᠯᠲᠠ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠶᠡᠷᠦᠩᠬᠡᠶᠢᠯᠡᠭᠰᠡᠨ ᠬᠠᠯᠳᠠᠪᠤᠷᠢᠲᠤ ᠡᠪᠡᠳᠴᠢᠨ ᠤ ᠲᠡᠦᠬᠡ᠂ ᠡᠮᠴᠢᠯᠡᠭᠡᠨ ᠤ ᠢᠯᠡᠷᠡᠯ᠂ ᠲᠤᠷᠰᠢᠯᠲᠠ ᠶᠢᠨ ᠲᠠᠰᠤᠭ ᠤᠨ ᠰᠢᠯᠭᠠᠨ ᠪᠠᠶᠢᠴᠠᠭᠠᠯᠲᠠ ᠪᠠ ᠳᠦᠷᠰᠦ ᠰᠢᠩᠭᠡᠭᠡᠯᠲᠡ ᠶᠢᠨ ᠤᠬᠠᠭᠠᠨ ᠤ ᠪᠠᠶᠢᠴᠠᠭᠠᠯᠲᠠ ᠵᠡᠷᠭᠡ ᠦᠷ᠎ᠡ ᠳ᠋ᠦᠩ ᠢ ᠶᠡᠷᠦᠩᠬᠡᠶᠢᠯᠡᠨ ᠰᠤᠳᠤᠯᠤᠨ ᠮᠠᠭᠠᠳᠯᠠᠵᠤ ᠂  ᠲᠤᠰ ᠡᠳᠦᠷ ᠤᠨ 11᠄ 40᠎ ᠶᠢᠨ ᠦᠶ᠎ᠡ ᠪᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢᠨ ᠲᠤᠳᠤᠷᠠᠬᠢ ᠬᠥᠩᠭᠡᠨ ᠢᠯᠡᠷᠡᠯ ᠲᠠᠢ ᠡᠪᠡᠳᠴᠢᠳᠡᠨ ᠢᠶᠠᠷ ᠤᠨᠤᠰᠢᠯᠠᠭᠳᠠᠪᠠ᠃  ᠤᠳᠤ ᠶᠠᠭ ᠣᠷᠳᠣᠰ ᠬᠤᠲᠠ ᠶᠢᠨ ᠬᠤᠶᠠᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠨᠡᠭᠦᠯᠵᠦ᠂ ᠪᠡᠶ᠎ᠡ ᠶᠢᠨ ᠳᠤᠯᠠᠭᠠᠨ ᠨᠢ ᠬᠡᠪ ᠤᠨ ᠪᠠᠶᠢᠵᠤ᠂ ᠪᠠᠶᠢᠳᠠᠯ ᠨᠢ ᠲᠣᠭᠲᠠᠭᠤᠨ ᠪᠠᠶᠢᠨ᠎ᠠ᠃      ᠣᠳᠣᠬᠠᠨ ᠳᠤ᠂ ᠮᠠᠨ ᠤ ᠬᠤᠰᠢᠭᠤ ᠠᠮᠤᠷ ᠲᠦᠪᠰᠢᠨ ᠪᠠᠴᠢᠮ ᠢ ᠨᠢᠭᠡ ᠴᠤᠬᠴᠠᠵᠢᠭᠤᠯᠬᠤ ᠠᠵᠢᠯ ᠤᠨ ᠲᠣᠭᠲᠠᠴᠠ ᠶᠢ ᠪᠥᠬᠦ ᠲᠠᠯ᠎ᠠ ᠪᠠᠷ ᠡᠬᠢᠯᠡᠭᠦᠯᠵᠦ᠂ IV ᠲᠠᠰ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠲᠡᠷᠡ ᠳᠠᠷᠤᠶ ᠳᠤ ᠨᠢ ᠡᠬᠢᠯᠡᠭᠦᠯᠪᠡ᠃ ᠨᠢᠭᠡ ᠳᠤ  ᠬᠠᠯᠳᠠᠪᠤᠷᠢᠳᠦ ᠡᠪᠡᠳᠴᠢᠨ ᠤ ᠤᠬᠠᠭᠠᠨ ᠤ ᠪᠠᠶᠢᠴᠠᠭᠠᠯᠲᠠ ᠶᠢ ᠦᠳᠲᠡᠷ ᠲᠦᠷᠭᠡᠨ ᠥᠷᠨᠢᠭᠦᠯᠪᠡ᠃ ᠳᠣᠲᠣᠭᠠᠳᠤ ᠶᠢ ᠬᠠᠮᠠᠭᠠᠯᠠᠬᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ᠂ ᠬᠠᠷᠢᠶ᠎ᠠ ᠭᠠᠵᠠᠷ ᠣᠷᠣᠨ ᠤ ᠪᠠᠯᠭᠠᠰᠤ ᠠᠴᠠ ᠬᠠᠮᠵᠢᠯᠴᠠᠨ᠂ ᠣᠨᠣᠰᠢᠯᠠᠭᠰᠠᠨ ᠡᠪᠡᠳᠴᠢᠨ ᠤ ᠵᠢᠱᠢᠶ᠎ᠡ ᠭᠦᠸᠧ ᠣᠪᠣᠭᠲᠤ ᠶᠢᠨ ᠨᠢᠭᠡ ᠬᠡᠷ ᠤᠨ ᠠᠵᠢᠯᠯᠠᠭᠠᠨ ᠤ ᠵᠠᠮ ᠳᠤ ᠨᠠᠷᠢᠨ ᠪᠠᠶᠢᠴᠠᠭᠠᠯᠲᠠ ᠬᠢᠪᠠ᠃ ᠬᠤᠶᠠᠷ ᠲᠤ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠬᠥᠮᠦᠰ ᠢ ᠲᠤᠰᠠᠭᠠᠷᠯᠠᠨ ᠬᠠᠮᠢᠶᠠᠷᠤᠨ ᠡᠵᠡᠮᠳᠡᠪᠡ᠃ ᠡᠭᠦᠨ ᠤ ᠬᠠᠮᠲᠤ᠂ 8 ᠳ᠋ᠤᠭᠠᠷ ᠰᠠᠷ᠎ᠠ ᠶᠢᠨ 4᠎ ᠤ ᠡᠳᠦᠷ ᠤᠨ ᠦᠳᠡ ᠶᠢᠨ ᠡᠮᠦᠨᠡᠬᠢ 10 ᠴᠠᠭ ᠠᠴᠠ ᠡᠬᠢᠯᠡᠨ ᠠᠯᠳᠠᠨᠰᠢᠷᠡᠭᠡ ᠪᠠᠯᠭᠠᠰᠤ᠂ ᠤᠯᠠᠭᠠᠨᠮᠦ᠋ᠷᠡᠨ ᠪᠠᠯᠭᠠᠰᠤᠨ ᠤ ᠤᠯᠠᠭᠠᠨᠮᠦ᠋ᠷᠡᠨ ᠲᠣᠰᠬᠤᠨ ᠳᠤ  ᠠᠩᠬᠠᠳᠤᠭᠠᠷ ᠡᠭᠡᠯᠵᠢ ᠶᠢᠨ ᠪᠥᠬᠦ ᠬᠡᠪᠴᠢᠶᠡᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ᠂ ᠣᠳᠣᠬᠠᠨ ᠳᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠮᠥᠨ ᠬᠦ ᠶᠠᠪᠤᠭᠳᠠᠵᠤ ᠪᠠᠶᠢᠨ᠎ᠠ᠃ 4᠎ ᠎ ᠤ ᠡᠳᠤᠷ ᠤᠨ ᠦᠳᠡ ᠶᠢᠨ ᠬᠤᠶᠢᠨᠠᠬᠢ 15 ᠴᠠᠭ ᠪᠣᠯᠲᠠᠯ᠎ᠠ ᠨᠡᠶᠢᠲᠡ 102000 ᠬᠥᠮᠦᠨ ᠠᠴᠠ ᠥᠯᠢᠭᠡᠷ ᠠᠪᠴᠤ᠂ ᠡᠭᠦᠨ ᠳᠤ ᠠᠯᠳᠠᠨᠰᠢᠷᠡᠭᠡ ᠪᠠᠯᠭᠠᠰᠤ ᠶᠢᠨ ᠬᠡᠪᠴᠢᠶᠡᠨ ᠳᠤ 87992 ᠬᠥᠮᠦᠨ᠂ ᠤᠯᠠᠭᠠᠨᠮᠦ᠋ᠷᠡᠨ ᠪᠠᠯᠭᠠᠰᠤᠨ ᠳᠤ 14008 ᠬᠥᠮᠦᠨ ᠪᠠᠶᠢᠵᠤ᠂ 61839 ᠬᠥᠮᠦᠨ ᠤᠳᠠᠭ᠎ᠠ ᠠᠴᠠ ᠠᠪᠤᠭᠰᠠᠨ ᠦᠯᠢᠭᠡᠷ ᠢ ᠨᠢᠭᠡᠨᠲᠡ ᠪᠠᠶᠢᠴᠠᠭᠠᠯᠲᠠ ᠬᠢᠯᠭᠡᠬᠦ ᠪᠠᠷ ᠬᠦᠷᠭᠡᠭᠰᠡᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ 4 ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠵᠦ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠤ ᠪᠠᠨ ᠳᠠᠬᠢᠨ ᠡᠭᠦᠰᠬᠦ ᠶᠢ ᠰᠡᠷᠭᠡᠶᠢᠯᠡᠬᠦ︾᠎ ᠶᠢ ᠡᠷᠡᠰ ᠪᠠᠷᠢᠮᠲᠠᠯᠠᠨ᠎ᠠ᠃ ᠨᠢᠭᠡ ᠳᠤ ᠭᠤᠤᠯᠳᠠᠯᠭ᠎ᠠ ᠲᠠᠢ ᠣᠷᠣᠨ ᠪᠦᠰᠡ ᠶᠢᠨ ᠪᠥᠭᠡᠮ ᠬᠦᠴᠢᠯ ᠤᠨ  ᠰᠢᠯᠭᠠᠨ ᠪᠠᠶᠢᠴᠠᠭᠠᠯᠳᠠ ᠶᠢ ᠥᠷᠨᠢᠭᠦᠯᠦᠨ᠎ᠡ᠃ 8 ᠳ᠋ᠤᠭᠠᠷ ᠰᠠᠷ᠎ᠠ ᠶᠢᠨ 4᠂ 5᠎ ᠂ 6᠎ ᠤ ᠡᠳᠦᠷ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠯᠲᠠᠨᠰᠢᠷᠡᠭᠡ ᠪᠠᠯᠭᠠᠰᠤ᠂ ᠤᠯᠠᠭᠠᠨᠮᠦ᠋ᠷᠡᠨ ᠲᠣᠰᠬᠤᠨ ᠳᠤ 3 ᠡᠭᠡᠯᠵᠢ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠠᠵᠢᠯ ᠥᠷᠨᠢᠭᠦᠯᠬᠦ ᠪᠠᠷ ᠲᠣᠭᠲᠠᠵᠤ᠂ ᠡᠳᠦᠷ ᠪᠦᠷᠢ 1 ᠤᠳᠠᠭ᠎ᠠ ᠬᠢᠨ᠎ᠡ᠃ ᠬᠤᠶᠠᠷ ᠲᠤ ᠡᠪᠡᠳᠴᠢᠲᠡᠨ ᠢ ᠪᠥᠬᠦ ᠬᠦᠴᠦᠨ ᠢᠶᠠᠷ ᠢᠶᠠᠨ ᠠᠪᠤᠷᠠᠨ ᠵᠠᠰᠠᠵᠤ᠂ ᠡᠪᠡᠳᠴᠢᠲᠡᠨ ᠤ ᠲᠦᠷᠭᠡᠨ ᠡᠷᠡᠭᠦᠯᠵᠢᠬᠦ ᠶᠢ ᠪᠠᠲᠤᠯᠠᠨ᠎ᠠ᠃ ᠭᠤᠷᠪᠠ ᠳᠤ ᠨᠡᠶᠢᠭᠡᠮ ᠤᠨ ᠲᠠᠯ᠎ᠠ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠱᠠᠭᠠᠷᠳᠠᠯᠭ᠎ᠠ ᠶᠣᠰᠣᠭᠠᠷ᠂ ᠪᠥᠬᠦ ᠬᠤᠰᠢᠭᠤᠨ ᠤ ᠡᠯ᠎ᠡ ᠲᠥᠷᠥᠯ ᠤᠨ ᠲᠣᠮᠣ ᠬᠡᠯᠪᠡᠷᠢ ᠶᠢᠨ ᠠᠵᠢᠯᠯᠠᠭ᠎ᠠ ᠶᠢ ᠲᠦᠷ ᠵᠣᠭᠰᠣᠭᠠᠵᠤ᠂ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ ᠢ ᠲᠦᠷ ᠬᠠᠭᠠᠨ᠎ᠠ᠃ ᠲᠦᠷᠪᠡ ᠳᠤ᠂ ᠤᠬᠠᠭᠤᠯᠵᠤ ᠬᠦᠳᠦᠯᠥᠨ ᠵᠢᠯᠣᠭᠤᠳᠬᠤ ᠪᠠᠨ ᠴᠢᠩᠭᠠᠳᠬᠠᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠵᠥᠪ ᠲᠠᠯ᠎ᠠ ᠠᠴᠠ ᠬᠠᠷᠢᠭᠤᠯᠲᠠ ᠥᠭᠴᠦ᠂ ᠤᠯᠠᠨ ᠲᠦᠮᠡᠨ ᠤ ᠤᠬᠠᠮᠰᠠᠷ ᠠᠴᠠ ᠪᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠠᠮᠵᠢᠯᠴᠠᠬᠤ ᠶᠢ ᠬᠦᠳᠦᠯᠥᠨ ᠳᠠᠭᠠᠭᠤᠯᠵᠤ᠂ ᠬᠢᠵᠢᠭ ᠤᠨ ᠪᠠᠶᠢᠳᠠᠯ ᠢ ᠢᠯᠠᠨ ᠳᠠᠪᠠᠭ᠋ᠤ ᠢᠲᠡᠭᠡᠯ ᠵᠣᠷᠢᠭ ᠢ ᠨᠢ ᠴᠢᠩᠭᠠᠳᠬᠠᠬᠤ ᠬᠡᠷᠡᠭᠲᠡᠢ᠃ ᠥᠷᠭᠡᠨ ᠤᠯᠠᠨ ᠰᠠᠭᠤᠭᠠᠯᠢ ᠠᠷᠠᠳ ᠢ ᠭᠡᠯᠮᠡᠭᠳᠡᠬᠦ ᠦᠭᠡᠢ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠲᠡᠭᠳᠡᠭᠡᠬᠦ ᠦᠭᠡᠢ᠂ ᠴᠤᠤᠷᠬᠠᠯ ᠢ  ᠲᠠᠮᠵᠢᠭᠤᠯᠬᠤ ᠦᠭᠡᠢ ᠪᠠᠶᠢᠬᠤ ᠶᠢ ᠤᠷᠢᠶᠠᠯᠠᠬᠤ ᠬᠡᠷᠡᠭᠲᠡᠢ︔ ᠬᠤᠪᠢ ᠬᠥᠮᠦᠨ ᠤ ᠬᠠᠮᠠᠭᠠᠯᠠᠯᠲᠠ ᠶᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂ ᠠᠮᠤᠷ ᠲᠦᠪᠰᠢᠨ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ ᠬᠡᠷᠡᠭᠲᠡᠶ︔  ᠪᠦᠭᠡᠮᠨᠡᠷᠡᠨ ᠴᠤᠭᠯᠠᠷᠠᠬᠤ ᠦᠭᠡᠢ᠂ ᠴᠥᠭᠡᠨ ᠴᠤᠭᠯᠠᠷᠠᠵᠤ  ᠂ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠎ᠠ︔ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠢ ᠰᠠᠨᠠᠭᠠᠴᠢᠯᠠᠭ᠎ᠠ ᠠᠴᠠ ᠪᠠᠨ  ᠲᠠᠷᠢᠨ᠎ᠠ᠃            
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ