ᠮᠠᠨ ᠤ ᠬᠤᠰᠢᠭᠤ ᠴᠡᠴᠡᠷᠯᠢᠭᠵᠢᠬᠦᠯᠭᠡ ᠨᠤᠭᠤᠭᠠᠷᠠᠭᠤᠯᠤᠯᠳᠠ ᠳᠤ ᠬᠡᠷᠡᠭᠯᠡᠬᠦ ᠬᠤᠸᠠᠷ ᠴᠡᠴᠡᠭ ᠴᠢᠬᠢ ᠮᠤᠳᠤᠨ ᠤ 50 % ᠎ ᠶᠢ ᠥᠪᠡᠷ ᠢᠶᠠᠨ ᠲᠠᠷᠢᠵᠦ ᠪᠤᠶᠢᠵᠢᠭᠤᠯᠪᠡ
ᠨᠡᠶᠢᠲᠡᠯᠡᠭᠰᠡᠨ ᠴᠠᠭ᠄
2022/10/31
     ᠬᠤᠰᠢᠭᠤᠨ ᠤ ᠴᠡᠴᠡᠷᠯᠢᠭᠵᠢᠬᠦᠯᠭᠡ ᠶᠢᠨ ᠲᠥᠪ ᠨᠢ ᠨᠤᠲᠤᠭ ᠤᠨ ᠤᠷᠭᠤᠮᠠᠯ ᠤᠨ ᠦᠷ᠎ᠡ ᠶᠢ ᠣᠷᠣᠭᠤᠯᠤᠨ ᠤᠷᠭᠤᠭᠤᠯᠵᠤ ᠲᠠᠰᠬᠠᠭᠠᠨ᠂ ᠰᠢᠨᠵᠢᠯᠡᠬᠦ ᠤᠬᠠᠭᠠᠨ ᠤ ᠰᠤᠳᠤᠯᠭᠠᠨ ᠳᠤ ᠲᠦᠰᠢᠭᠯᠡᠨ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠰᠡᠭᠦᠯᠴᠢ ᠶᠢᠨ ᠬᠤᠭᠤᠴᠠᠭᠠᠨ ᠤ ᠠᠷᠠᠴᠢᠯᠠᠨ ᠬᠠᠮᠠᠭᠠᠯᠠᠬᠤ ᠥᠪᠡᠷ ᠤᠨ ᠥᠷᠲᠡᠭ ᠢ ᠪᠠᠭᠤᠷᠠᠭᠤᠯᠤᠨ᠂ ᠴᠡᠴᠡᠷᠯᠢᠭᠵᠢᠬᠦᠯᠭᠡ ᠨᠤᠭᠤᠭᠠᠷᠠᠭᠤᠯᠤᠯᠳᠠ ᠬᠢᠬᠦ ᠦᠶ᠎ᠡ ᠳᠤ ᠦᠪᠠᠷ ᠢᠶᠠᠨ ᠲᠠᠷᠢᠵᠤ ᠪᠤᠶᠢᠵᠢᠭᠤᠯᠤᠭᠰᠠᠨ ᠬᠤᠸᠠᠷ ᠴᠡᠴᠡᠭ ᠴᠢᠬᠢ ᠮᠣᠳᠣᠨ ᠤ ᠬᠠᠩᠭᠠᠯᠳᠠ ᠶᠢᠨ ᠨᠣᠷᠮ᠎ᠠ ᠎ ᠶᠢ 50 %᠎ ᠳᠤ ᠬᠦᠷᠭᠡᠭᠰᠡᠨ ᠪᠠᠶᠢᠨ᠎ᠠ᠃      ᠡᠵᠡᠨ ᠬᠤᠷᠤᠭ᠎ᠠ ᠬᠤᠰᠢᠭᠤᠨ ᠤ ᠴᠡᠴᠡᠷᠯᠢᠭᠵᠢᠬᠦᠯᠭᠡ ᠶᠢᠨ ᠲᠥᠪ ᠤᠨ ᠭᠠᠨᠵᠤᠤᠷ ᠤᠨ ᠰᠦᠮ᠎ᠡ ᠲᠣᠰᠬᠤᠨ ᠤ ᠠᠯᠲᠠᠨᠵᠤᠯᠠ ᠴᠡᠴᠡᠭ ᠤᠨ ᠬᠦᠯᠡᠮᠵᠢ ᠳᠤ ᠬᠦᠷᠬᠦ ᠳᠤ᠂ ᠠᠵᠢᠯᠴᠢᠳ  ᠶᠠᠭ ᠰᠠᠶᠢᠬᠠᠨ ᠪᠤᠶᠢᠵᠢᠭᠤᠯᠤᠭᠰᠠᠨ ᠬᠤᠸᠠᠷ ᠴᠡᠴᠡᠭ ᠢᠶᠠᠨ ᠡᠯ᠎ᠡ ᠵᠠᠮ ᠤᠨ ᠲᠠᠭᠠᠤ᠂ ᠵᠠᠩᠭᠢᠯᠠᠭ᠎ᠠ ᠶᠢᠨ ᠴᠡᠭ ᠲᠤ ᠬᠦᠷᠭᠡᠵᠦ  ᠶᠠᠭᠠᠷᠠᠯᠳᠠᠢ ᠠᠵᠢᠯᠯᠠᠵᠦ ᠪᠠᠶᠢᠪᠠ᠃ ᠮᠡᠷᠭᠡᠵᠢᠯ ᠤᠨ ᠠᠵᠢᠯᠲᠠᠨ ᠠᠴᠠ᠂ ᠠᠯᠲᠠᠨᠵᠤᠯᠠ ᠴᠡᠴᠡᠭ ᠢ ᠤᠷᠢᠳᠠᠪᠠᠷ ᠫᠡᠩᠰᠡᠨ ᠳᠤ ᠦᠷ᠎ᠡ  ᠶᠢ ᠨᠢ ᠲᠠᠷᠢᠵᠤ᠂ ᠠᠯᠬᠤᠮ ᠠᠯᠬᠤᠮ ᠢᠶᠠᠷ ᠳᠠᠰᠬᠠᠭᠰᠠᠨ ᠤ ᠳᠠᠷᠠᠭ᠎ᠠ ᠶᠡᠭᠡ ᠬᠡᠪᠴᠢᠶ᠎ᠡ ᠪᠠᠷ ᠴᠢᠬᠢ ᠮᠣᠳᠣᠨ ᠤ ᠬᠦᠷᠢᠶᠡᠯᠡᠩ ᠳᠤ ᠳᠠᠷᠢᠵᠤ ᠪᠤᠶᠢᠵᠢᠭᠤᠯᠳᠠᠭ ᠭᠡᠮᠡᠨ ᠲᠠᠨᠢᠯᠴᠠᠭᠤᠯᠵᠤ ᠶᠠᠷᠢᠨ᠎ᠠ᠃      ᠡᠵᠡᠨ ᠬᠤᠷᠤᠭ᠎ᠠ ᠬᠤᠰᠢᠭᠤᠨ ᠤ ᠴᠡᠴᠡᠷᠯᠢᠭᠵᠢᠬᠦᠯᠭᠡ ᠶᠢᠨ ᠲᠥᠪ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠴᠢᠬᠢ ᠮᠣᠳᠣᠨ ᠤ ᠬᠦᠷᠢᠶᠡᠯᠡᠩ ᠤᠨ ᠲᠤᠬᠠᠶᠢᠯᠠᠭᠰᠠᠨ ᠠᠵᠢᠯ ᠤᠨ ᠲᠠᠰᠤᠭ ᠤᠨ ᠡᠷᠬᠢᠯᠡᠭᠴᠢ ᠶᠤᠸᠠᠨ ᠵᠢᠶᠦ᠋ᠨ ᠰᠤᠷᠪᠤᠯᠵᠢᠯᠠᠭᠴᠢ ᠳᠤ᠄《ᠪᠢᠳᠡ ᠪᠦᠮᠪᠦᠭᠡᠯᠢᠭ ᠪᠤᠶᠢᠵᠢᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠢᠳᠤᠨᠤᠨ ᠤ 11 ᠳ᠋ᠦ᠋ᠭᠡᠷ ᠰᠠᠷ᠎ᠠ ᠠᠴᠠ ᠡᠬᠢᠯᠡᠨ ᠠᠯᠲᠠᠨᠵᠤᠯᠠ ᠴᠡᠴᠡᠭ ᠢ ᠪᠤᠶᠢᠵᠢᠭᠤᠯᠵᠤ᠂ 6 ᠰᠠᠷ᠎ᠠ ᠶᠢᠨ ᠪᠤᠶᠢᠵᠢᠭᠤᠯᠤᠯᠲᠠ ᠪᠠᠷ ᠳᠡᠮᠵᠢᠨ᠂ ᠣᠲᠣ ᠨᠢᠭᠡ ᠡᠳᠦᠷ ᠲᠤ 6 ᠲᠦᠮᠡ ᠭᠠᠷᠤᠢ ᠫᠡᠩᠰᠡ ᠪᠤᠶᠢᠵᠢᠭᠤᠯᠵᠤ᠂ ᠭᠠᠳᠠᠷ ᠣᠷᠣᠨ ᠠᠴᠠ ᠬᠤᠳᠠᠯᠳᠤᠨ ᠠᠪᠬᠤ ᠲᠠᠢ ᠬᠠᠷᠢᠴᠠᠭᠤᠯᠪᠠᠯ 50 %᠎ ᠶᠢᠨ ᠥᠪᠡᠷ ᠤᠨ ᠥᠷᠲᠡᠭ ᠢ ᠠᠷᠪᠢᠯᠠᠵᠠᠶ 》ᠭᠡᠪᠡ᠃      ᠣᠶᠢᠯᠠᠭᠠᠭᠰᠠᠨ ᠢᠶᠠᠷ᠂ ᠡᠵᠡᠨ ᠬᠤᠷᠤᠭ᠎ᠠ ᠬᠤᠰᠢᠭᠤᠨ ᠤ ᠴᠡᠴᠡᠷᠯᠢᠭᠵᠢᠬᠦᠯᠭᠡ ᠨᠣᠭᠤᠭᠠᠷᠠᠭᠤᠯᠤᠯᠲᠠ ᠶᠢᠨ ᠲᠥᠪ 2004 ᠣᠨ ᠪᠠ 2014 ᠣᠨ ᠳᠤ ᠴᠡᠴᠡᠷᠯᠢᠭ ᠤᠨ ᠤᠷᠭᠤᠮᠠᠯ ᠤᠨ ᠬᠠᠮᠠᠭᠠᠯᠠᠯᠲᠠ ᠶᠢᠨ ᠲᠤᠷᠰᠢᠯᠲᠠ ᠶᠢᠨ ᠲᠠᠰᠤᠭ᠂ ᠰᠢᠷᠣᠶ ᠶᠢᠨ ᠪᠣᠷᠲᠣᠭᠤᠷ ᠤᠨ ᠲᠤᠷᠰᠢᠯᠲᠠ ᠶᠢᠨ ᠲᠠᠰᠤᠭ ᠢ ᠵᠠᠯᠭᠠᠭ᠎ᠠ ᠪᠠᠷ ᠪᠠᠶᠢᠭᠤᠯᠵᠤ᠂ ᠲᠤᠬᠠᠶ ᠶᠢᠨ ᠭᠠᠵᠠᠷ ᠤᠨ ᠴᠢᠬᠢ ᠪᠤᠶᠢᠵᠢᠭᠤᠯᠬᠤ ᠮᠡᠷᠭᠡᠵᠢᠯ ᠪᠠ ᠠᠷᠠᠴᠢᠯᠠᠨ ᠬᠠᠮᠠᠭᠠᠯᠠᠬᠤ ᠠᠷᠭ᠎ᠠ ᠶᠢ ᠰᠤᠳᠤᠯᠤᠨ ᠰᠦᠪᠡᠭᠴᠢᠯᠡᠬᠦ ᠪᠠᠷ ᠳᠡᠮᠵᠢᠨ᠂ ᠴᠢᠬᠢ ᠮᠣᠳᠣᠨ ᠤ ᠡᠳᠡᠭᠡᠷᠡᠯᠲᠡ ᠶᠢᠨ ᠨᠣᠷᠮ᠎ᠠ ᠪᠠ ᠰᠣᠨᠢᠷᠬᠠᠯᠲᠤ ᠴᠢᠨᠠᠷ ᠢ ᠳᠡᠭᠡᠭᠰᠢᠯᠡᠭᠦᠯᠦᠭᠰᠡᠨ ᠪᠠᠶᠢᠨ᠎ᠠ᠃      ᠣᠶᠢᠷ᠎ᠠ ᠶᠢᠨ ᠵᠢᠯ ᠠᠴᠠ ᠨᠠᠭᠠᠰᠢ᠂ ᠡᠵᠡᠨ ᠬᠤᠷᠤᠭ᠎ᠠ ᠬᠤᠰᠢᠭᠤ ︽ᠨᠢᠭᠡ ᠵᠢᠷᠤᠭ ᠲᠥᠰᠦᠪ ᠢ ᠡᠴᠦᠰ ᠲᠤ ᠨᠢ ᠲᠤᠯᠲᠠᠯ᠎ᠠ ᠵᠢᠷᠤᠭᠯᠠᠬᠤ︾ ᠡᠶ᠎ᠡ ᠵᠣᠬᠢᠴᠠᠩᠭᠤᠶ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ 2000 ᠮᠥ ᠣᠷᠴᠢᠮ ᠤᠨ ᠴᠢᠬᠢ ᠮᠣᠳᠣᠨ ᠤ ᠬᠦᠷᠢᠶᠡᠯᠡᠩ ᠤᠨ ᠰᠠᠭᠤᠷᠢᠨ ᠭᠠᠵᠠᠷ ᠪᠤᠯᠤᠨ 170 ᠰᠠᠭᠤᠷᠢ ᠬᠦᠯᠡᠮᠵᠢ ᠶᠢ ᠪᠡᠶ᠎ᠡ ᠪᠠᠨ ᠲᠠᠭᠠᠭᠠᠨ ᠪᠥᠲᠥᠭᠡᠨ ᠪᠠᠶᠢᠭᠤᠯᠵᠤ᠂ ᠴᠡᠴᠡᠷᠯᠢᠭ ᠤᠨ ᠰᠣᠶᠣᠯ ᠬᠢᠭᠡᠳ ᠣᠷᠣᠨ ᠨᠤᠲᠤᠭ ᠤᠨ ᠰᠣᠶᠣᠯ ᠢ ᠠᠭᠤᠰᠤᠯᠴᠠᠭᠤᠯᠤᠨ ᠬᠥᠭᠵᠢᠭᠦᠯᠬᠦ ᠶᠢ ᠢᠳᠡᠪᠬᠢᠲᠡᠶ ᠦᠢᠯᠡᠳᠦᠯᠭᠡᠵᠢᠬᠦᠯᠵᠦ᠂ ︽ᠠᠭᠠᠷ ᠮᠠᠨᠳᠠᠯ ᠢ ᠲᠠᠭᠠᠯᠠᠮᠵᠢᠲᠠᠶ ᠪᠣᠯᠭᠠᠬᠤ︾᠂ ︽ᠦᠵᠡᠰᠬᠦᠯᠡᠩᠲᠦ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ︾᠂ ︽ᠤᠰᠤ ᠲᠠᠢ ᠳᠣᠲᠣᠨᠣᠴᠢᠯᠠᠬᠤ︾᠂ ︽ᠨᠣᠭᠤᠭᠠᠨ ᠥᠩᠭᠡ ᠪᠠᠷ ᠰᠠᠭᠤᠷᠢ ᠪᠣᠯᠭᠠᠬᠤ︾᠂ ︽ᠤᠰᠤ ᠪᠠᠷ ᠰᠦᠭ ᠰᠦᠨᠡᠰᠦ ᠪᠣᠯᠭᠠᠬᠤ︾᠂ ︽ᠲᠣᠮᠣ ᠦᠵᠡᠮᠵᠢ︾᠂ ︽ᠵᠢᠵᠢᠭ ᠴᠡᠴᠡᠷᠯᠢᠭ︾᠎ ᠢ ᠪᠠᠶᠢᠭᠤᠯᠬᠤ ᠶᠢ ᠪᠠᠷᠢᠮᠲᠠᠯᠠᠵᠤ᠂ ︽ᠨᠢᠭᠲᠠ ᠰᠡᠶᠢᠷᠡᠭ ᠪᠥᠭᠡᠳ ᠨᠠᠷᠢᠯᠢᠭ︾ ᠠᠮᠢ ᠠᠬᠤᠶ ᠶᠢᠨ ᠴᠡᠴᠡᠷᠯᠢᠭ ᠤᠨ ᠣᠷᠣᠨ ᠵᠠᠶ ᠶᠢ ᠪᠣᠶ ᠪᠣᠯᠭᠠᠵᠤ᠂ ᠬᠠᠪᠤᠷ ᠴᠡᠴᠡᠭ ᠰᠣᠨᠢᠷᠬᠠᠬᠤ᠂ ᠵᠤᠨ ᠤᠰᠤ ᠨᠠᠭᠠᠳᠬᠤ᠂ ᠨᠠᠮᠤᠷ ᠵᠤᠭᠠᠴᠠᠬᠤ᠂ ᠡᠪᠦᠯ ᠴᠠᠰᠤ  ᠬᠢᠰᠬᠢᠬᠦ ᠳᠥᠷᠪᠡᠨ ᠤᠯᠠᠷᠢᠯ ᠤᠨ ᠦᠵᠡᠮᠵᠢ ᠶᠢ  ᠪᠦᠷᠢᠯᠳᠦᠬᠦᠯᠪᠡ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ