ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠭᠳᠠᠭᠠᠨ ᠤ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2022/10/31
     ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠡᠭᠦᠷᠭᠡ ᠴᠢᠳᠠᠪᠬᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠦᠢᠯᠡᠴᠢᠯᠡᠭᠡᠨ ᠤ ᠬᠡᠪᠴᠢᠶ᠎ᠡ ᠪᠠᠨ ᠦᠷᠭᠦᠯᠵᠢᠯᠡᠨ ᠥᠷᠭᠡᠳᠬᠡᠵᠦ᠂ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠰᠢᠯᠢᠳᠡᠭᠵᠢᠬᠦᠯᠵᠦ᠂ ᠠᠷᠠᠳ ᠲᠤ ᠲᠥᠬᠦᠮ ᠦᠵᠡᠭᠦᠯᠦᠨ ᠠᠵᠤ ᠠᠬᠤᠶᠢᠯᠠᠯ ᠳᠤ ᠠᠰᠢᠭ  ᠬᠦᠷᠲᠡᠭᠡᠵᠦ ᠪᠠᠶᠢᠨ᠎ᠠ᠃      ᠤᠶᠢᠷ᠎ᠠ ᠳᠤ᠂ ᠮᠠᠨ ᠤ ᠬᠤᠰᠢᠭᠤᠨ ᠤ ᠨᠢᠭᠡᠨ ᠨᠡᠭᠦᠷᠡᠰᠦ ᠦᠢᠯᠡᠳᠪᠦᠷᠢᠯᠡᠬᠦ ᠠᠵᠤ ᠠᠬᠤᠶᠢᠯᠠᠯ ᠤᠨ ᠠᠵᠢᠯᠲᠠᠨ ᠺᠣᠮᠫᠠᠨᠢ ᠶᠢᠨ ᠢᠶᠠᠨ ᠠᠯᠪᠠᠨ ᠬᠡᠷ ᠲᠤ ︽ᠠᠮᠠᠷᠬᠠᠨ ᠦᠢᠯᠡᠳᠬᠦ ᠬᠢᠮᠢ ᠶᠢᠨ ᠬᠤᠤᠷᠲᠤ ᠪᠤᠳᠠᠰ ᠤᠨ ᠦᠢᠯᠡᠴᠢᠯᠡᠭᠡᠨ ᠤ ᠲᠠᠪᠴᠠᠩ︾᠎ ᠢᠶᠠᠷ ᠳᠠᠮᠵᠢᠨ ᠨᠢᠭᠡᠨᠲᠡ ᠬᠤᠳᠠᠯᠳᠤᠨ ᠠᠪᠤᠭᠰᠠᠨ ᠳᠠᠪᠤᠰᠤᠨ ᠬᠦᠴᠢᠯ᠂ ᠬᠦᠬᠦᠷ ᠬᠦᠴᠢᠯ ᠵᠡᠷᠭᠡ ᠬᠢᠮᠢ ᠶᠢᠨ ᠪᠣᠳᠠᠰ ᠢᠶᠠᠨ ᠰᠦᠯᠵᠢᠶᠡᠨ ᠳᠤ ᠳᠠᠩᠰᠠᠯᠠᠭᠤᠯᠵᠤ ᠬᠢᠨᠠᠨ ᠵᠥᠪᠰᠢᠶᠡᠷᠡᠭᠦᠯᠪᠡ  ᠃ ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ ᠂  ᠠᠮᠠᠷᠬᠠᠨ ᠦᠢᠯᠡᠳᠬᠦ ᠬᠢᠮᠢ ᠶᠢᠨ ᠬᠤᠤᠷᠲᠤ ᠪᠤᠳᠠᠰ ᠢ ᠬᠠᠤᠯᠢ ᠶᠣᠰᠣᠭᠠᠷ ᠬᠡᠷᠡᠭᠯᠡᠬᠦ ᠭᠡᠷᠡᠴᠢ᠂ ᠬᠠᠤᠯᠢ ᠶᠢᠨ ᠡᠷᠬᠡᠲᠡᠨ ᠤ ᠪᠡᠶ᠎ᠡ ᠶᠢᠨ ᠦᠨᠡᠮᠯᠡᠯ ᠵᠡᠷᠭᠡ ᠪᠠᠷ ᠳᠠᠮᠵᠢᠨ ᠂ ᠭᠤᠷᠪᠠᠨ ᠮᠢᠨᠦ᠋ᠲ ᠪᠣᠯᠤᠭᠰᠠᠨ ᠥᠬᠡᠶ ᠪᠠᠷ ᠬᠠᠮᠢᠶ᠎ᠠ ᠪᠥᠬᠦᠶ ᠭᠡᠷᠡᠴᠢ ᠪᠠᠨ ᠰᠦᠯᠵᠢᠶᠡᠨ ᠲᠠᠪᠴᠠᠩ ᠳᠤ ᠲᠤᠰᠢᠶᠠᠵᠤ᠂ ᠲᠣᠰ ᠡᠳᠦᠷ ᠲᠤ ᠪᠠᠨ ᠬᠢᠨᠠᠨ ᠵᠥᠪᠰᠢᠶᠡᠷᠡᠭᠦᠯᠪᠡ᠃      ᠨᠢᠳᠤᠨᠤᠨ ᠠᠴᠠ ᠨᠠᠰᠢ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ 6 ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤᠪᠴᠢ ᠨᠡᠮᠡᠵᠦ᠂ ︽ᠨᠢᠭᠡ ᠴᠤᠩᠬᠤᠪᠴᠢ ᠪᠠᠷ ᠨᠡᠶᠢᠳᠡᠮ ᠬᠦᠢᠴᠡᠳᠬᠡᠬᠦ︾ ᠲᠡᠷᠭᠡ ᠵᠢᠯᠣᠭᠤᠳᠬᠤ ᠬᠠᠮᠢᠶᠠᠷᠤᠯᠲᠠ᠂ ᠡᠷᠦᠬᠡ ᠠᠮᠠ ᠶᠢᠨ ᠶᠠᠪᠤᠳᠠᠯ᠂ ᠬᠢᠯᠢ ᠪᠠᠷ ᠣᠷᠣᠵᠤ ᠭᠠᠷᠬᠤ᠂ ᠠᠮᠤᠷ ᠢ ᠬᠠᠮᠠᠭᠠᠯᠠᠬᠤ ᠵᠡᠷᠭᠡ ᠬᠤᠪᠢ ᠬᠥᠮᠦᠨ ᠤ ᠥᠨᠳᠥᠷ ᠳᠠᠪᠲᠠᠮᠵᠢᠲᠤ ᠶᠠᠪᠤᠳᠠᠯ ᠳᠤ ᠦᠢᠯᠡᠴᠢᠯᠡᠭᠡ ᠬᠠᠩᠭᠠᠪᠠ᠃ ᠡᠭᠦᠨ ᠤ ᠬᠠᠮᠲᠤ᠂ ᠪᠠᠭᠤᠳᠠᠯ ᠤᠨ ᠦᠢᠯᠡᠰ ᠤᠨ ᠣᠨᠴᠠᠭᠠᠶ ᠠᠵᠢᠯ ᠲᠥᠷᠥᠯ ᠤᠨ ᠵᠥᠪᠰᠢᠶᠡᠷᠡᠯ ᠤᠨ ᠦᠨᠡᠮᠯᠡᠯ᠂ ᠲᠦᠷᠢᠶᠡᠰᠦᠨ ᠮᠠᠰᠢᠨ ᠲᠡᠷᠭᠡ ᠳᠠᠩᠰᠠᠯᠠᠭᠤᠯᠬᠤ ᠦᠨᠡᠮᠯᠡᠯ ᠵᠡᠷᠭᠡ 9 ᠵᠦᠢᠯ ᠤᠨ ᠲᠤᠬᠠᠶᠢᠯᠠᠭᠰᠠᠨ ᠠᠵᠢᠯ ᠤᠨ ᠡᠷᠬᠡ ᠎ ᠶᠢ ᠬᠠᠷᠢᠶ᠎ᠠ ᠣᠷᠣᠨ ᠤ 11 ᠲᠣᠮᠢᠯᠠᠭᠰᠠᠨ ᠰᠠᠯᠪᠤᠷᠢ ᠳᠤ ᠪᠠᠭᠤᠯᠭᠠᠨ ᠬᠦᠢᠴᠡᠳᠬᠡᠬᠦᠯᠵᠦ᠂ ᠴᠠᠭᠳᠠᠭᠠᠨ ᠤ ᠶᠠᠪᠤᠳᠠᠯ ᠤᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠲᠦᠢᠯ ᠤᠨ ᠶᠡᠭᠡ ᠪᠠᠷ ᠳᠡᠭᠡᠭᠰᠢᠯᠡᠭᠦᠯᠪᠡ᠃      ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠦᠷᠭᠦᠯᠵᠢᠯᠡᠨ ᠡᠯ᠎ᠡ ᠵᠦᠢᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠰᠢᠯᠢᠳᠡᠭᠵᠢᠭᠦᠯᠵᠦ᠂ 75 ᠵᠦᠢᠯ ᠤᠨ ᠡᠷᠦᠬᠡ ᠠᠮᠠ ᠶᠢᠨ ᠲᠠᠩᠰᠠ ᠶᠢᠨ ᠲᠤᠬᠠᠶᠢᠯᠠᠭᠰᠠᠨ ᠠᠵᠢᠯ ᠵᠢᠴᠢ 25  ᠵᠦᠢᠯ ᠤᠨ ᠠᠮᠤᠷ ᠢ ᠬᠠᠮᠠᠭᠠᠯᠠᠬᠤ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠢ ᠲᠣᠮᠢᠯᠠᠭᠰᠠᠨ ᠰᠠᠯᠪᠤᠷᠢ ᠳᠤ ᠪᠠᠭᠤᠯᠭᠠᠵᠤ᠂ ᠠᠷᠠᠳ ᠣᠯᠠᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾᠎ ᠢ ᠤᠯᠠᠮ ᠨᠢᠭᠡ ᠠᠯᠬᠤᠮ ᠨᠡᠪᠲᠡᠷᠡᠭᠦᠯᠵᠦ᠂ ᠠᠷᠠᠳ ᠣᠯᠠᠨ ᠤ ᠬᠠᠨᠤᠮᠵᠢ ᠶᠢᠨ ᠲᠥᠷᠦᠭᠳᠡᠯ ᠢ ᠲᠠᠰᠤᠷᠠᠯᠲᠠ ᠥᠬᠡᠶ ᠲᠡᠭᠡᠭᠰᠢᠯᠡᠬᠦᠯᠬᠦ ᠪᠠᠷ ᠪᠠᠶᠢᠨ᠎ᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ