| ᠮᠠᠨ ᠤ ᠬᠤᠰᠢᠭᠤ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠤᠨ ᠲᠥᠪᠯᠡᠷᠡᠭᠦᠯᠦᠨ | ᠭᠡᠷ᠎ᠡ ᠲᠣᠭᠲᠠᠬᠤ ᠶᠣᠰᠣᠯᠠᠯ ᠶᠠᠪᠤᠭᠳᠠᠭᠤᠯᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠡᠷᠢᠭᠦᠯᠡᠭᠴᠢ᠂ ᠬᠤᠰᠢᠭᠤᠨ ᠤ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ | ᠳᠠᠷᠤᠭ᠎ᠠ ᠲᠢᠶᠠᠨ ᠹᠧᠨ ᠴᠢᠩ ᠶᠣᠰᠣᠯᠠᠯ ᠳᠤ ᠤᠷᠤᠯᠴᠠᠵᠦ ᠂ ᠬᠤᠰᠢᠭᠤ ᠳᠡᠳ᠋ ᠳᠠᠷᠤᠭ᠎ᠠ ᠯᠢ ᠬᠦᠶ ᠶᠣᠰᠣᠯᠠᠯ ᠢ ᠡᠷᠭᠢᠯᠡᠪᠡ᠃ | ᠬᠤᠷᠠᠯ ᠳᠡᠭᠡᠷ᠎ᠡ᠂ ᠥᠪᠥᠷ ᠮᠣᠩᠭᠤᠯ ᠤᠨ ᠱᠤᠸᠠᠩ ᠮᠠᠨ ᠪᠠᠭᠤᠳᠠᠯ ᠤᠨ ᠬᠠᠮᠢᠶᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠣᠷᠳᠣᠰ | ᠬᠤᠲᠠ ᠶᠢᠨ ᠯᠦᠩ ᠯᠢ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠳ᠋ᠧ ᠷᠦᠩ ᠠᠵᠤ ᠦᠢᠯᠡᠰ ᠤᠨ | ᠬᠢᠵᠠᠭᠠᠷᠲᠤ ᠺᠣᠮᠫᠠᠨᠢ᠂ ᠣᠷᠳᠣᠰ ᠬᠤᠲᠠ ᠶᠢᠨ ᠯᠢ ᠵᠢᠩ ᠬᠤᠳᠠᠯᠳᠤᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠣᠷᠳᠣᠰ | ᠬᠤᠲᠠ ᠶᠢᠨ ᠬᠠᠨ ᠴᠧᠨ ᠬᠤᠳᠠᠯᠳᠤᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠲᠣᠰ ᠲᠣᠰ ᠠᠵᠤ ᠠᠬᠤᠶᠢᠯᠠᠯ ᠵᠢᠴᠢ ᠲᠥᠷᠥᠯ | ᠵᠦᠢᠯ ᠤᠨ ᠪᠠᠶᠢᠳᠠᠯ ᠢ ᠲᠠᠨᠢᠯᠴᠠᠭᠤᠯᠪᠠ᠃ | ᠳᠠᠷᠠᠭ᠎ᠠ ᠨᠢ᠂ ᠵᠠᠰᠠᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠣᠷᠳᠣᠰ ᠬᠤᠲᠠ ᠶᠢᠨ ᠭᠤᠯᠹ ᠪᠠᠭᠤᠳᠠᠯ᠂ ᠳ᠋ᠧ ᠷᠦᠩ UK ᠴᠢᠯᠦᠭᠡᠳᠦ ᠳᠡᠯᠭᠡᠭᠦᠷ᠂ | ᠤᠰᠤᠨ ᠡᠷᠬᠢ ᠶᠢᠨ ᠰᠢᠨ᠎ᠡ ᠬᠤᠲᠠ ᠶᠢᠨ ᠲᠥᠪ ᠴᠡᠴᠡᠷᠯᠢᠭ ᠤᠨ ᠱᠦᠶ ᠶᠤᠸᠠᠢ ᠵᠡᠭᠡᠯᠢ᠂ ᠣᠷᠳᠣᠰ ᠬᠤᠲᠠ ᠶᠢᠨ ᠴᠢᠤᠸᠠᠨ ᠷᠦ ᠢᠦᠶ ᠠᠷᠢᠬᠢᠨ ᠤ ᠦᠢᠯᠡᠰ ᠵᠡᠷᠭᠡ 4 | ᠲᠥᠷᠥᠯ ᠵᠦᠢᠯ ᠤᠨ ᠲᠤᠬᠠᠶ ᠭᠡᠷ᠎ᠡ ᠲᠣᠭᠲᠠᠵᠤ᠂ ᠨᠡᠶᠢᠲᠡ 2 . 03 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠪᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠭᠡᠷ᠎ᠡ ᠲᠣᠭᠲᠠᠭᠰᠠᠨ ᠲᠥᠷᠥᠯ ᠵᠦᠢᠯ ᠤᠨ ᠠᠵᠤ ᠦᠢᠯᠡᠰ ᠤᠨ ᠳᠠᠶᠢᠴᠢᠯᠠᠬᠤ ᠴᠢᠳᠠᠪᠤᠷᠢ ᠨᠢ ᠴᠢᠩᠭ᠎ᠠ ᠪᠠᠶᠢᠵᠤ᠂ | ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠠᠵᠤ ᠦᠢᠯᠡᠰ ᠤᠨ ᠲᠥᠪᠯᠡᠷᠡᠯ ᠢ ᠠᠬᠢᠭᠤᠯᠬᠤ᠂ ᠠᠵᠤ ᠦᠢᠯᠡᠰ ᠤᠨ ᠶᠠᠰᠤ ᠴᠢᠨᠠᠷ ᠦᠷ᠎ᠡ ᠠᠰᠢᠭ ᠢ | ᠳᠡᠭᠡᠭᠰᠢᠯᠡᠭᠦᠯᠬᠦ ᠳᠤ ᠢᠳᠡᠪᠬᠢᠲᠡᠶ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠵᠦ᠂ ᠪᠥᠬᠦ ᠬᠤᠰᠢᠭᠤᠨ ᠤ ᠣᠲᠣ ᠦᠶ᠎ᠡ ᠶᠢᠨ | ᠦᠢᠯᠡᠴᠢᠯᠡᠭᠡᠨ ᠤ ᠦᠢᠯᠡᠰ ᠤᠨ ᠲᠠᠰ ᠳᠠᠪᠬᠤᠷᠭ᠎ᠠ ᠨᠢ ᠨᠠᠩ ᠥᠨᠳᠥᠷ᠂ ᠪᠦᠲᠦᠴᠡ ᠨᠢ ᠨᠠᠩ ᠰᠢᠯᠢᠳᠡᠭ᠂ ᠶᠠᠰᠤ ᠴᠢᠨᠠᠷ ᠨᠢ ᠨᠠᠩ ᠰᠠᠶᠢᠨ ᠴᠢᠭᠯᠡᠯ ᠢᠶᠠᠷ | ᠤᠷᠤᠭᠰᠢᠯᠠᠬᠤ ᠶᠢ ᠬᠦᠴᠦᠲᠡᠶ ᠠᠬᠢᠭᠤᠯᠬᠤ ᠪᠣᠯᠤᠨ᠎ᠠ᠃ | ᠬᠤᠰᠢᠭᠤᠨ ᠤ ᠤᠳᠤᠷᠢᠳᠤᠯᠭ᠎ᠠ ᠵᠠᠩ ᠭᠦᠸᠧ ᠹᠠᠨ᠂ ᠱᠢ ᠸᠧᠨ ᠶᠢᠩ᠂ ᠬᠠᠨ ᠯᠢ ᠵᠢᠴᠢ ᠡᠯ᠎ᠡ ᠬᠤᠯᠪᠤᠬᠳᠠᠯ ᠪᠦᠬᠦᠢ ᠰᠠᠯᠠᠭ᠎ᠠ ᠮᠥᠴᠢᠷ᠂ ᠠᠵᠤ | ᠠᠬᠤᠶᠢᠯᠠᠯ ᠤᠨ ᠬᠠᠷᠢᠭᠤᠴᠠᠯᠭᠠᠲᠠᠨ ᠬᠡᠷ᠎ᠡ ᠲᠤᠬᠳᠠᠬᠤ ᠶᠣᠰᠣᠯᠠᠯ ᠳᠤ ᠣᠷᠣᠯᠴᠠᠪᠠ᠃ | | | | | | | |