ᠡᠵᠡᠨ ᠬᠤᠷᠤᠭ᠎ᠠ ᠬᠤᠰᠢᠭᠤ ︽2021 ᠣᠨ ᠤ ᠲᠣᠮᠳᠠᠳᠣ ᠤᠯᠤᠰ ᠤᠨ ᠵᠣᠯ ᠵᠢᠷᠭᠠᠯᠲᠤ ᠬᠤᠲᠠ᠂ ᠦᠢᠯᠡᠰ ᠪᠣᠰᠬᠠᠵᠤ ᠣᠷᠣᠰᠢᠨ ᠠᠮᠢᠳᠣᠷᠠᠬᠤ ᠲᠣᠬᠢᠯᠢᠭ ᠭᠠᠵᠠᠷ︾᠎ ᠤᠨ ᠢᠷᠠᠭᠤ ᠠᠯᠳᠠᠷ ᠢ ᠬᠦᠷᠲᠡᠪᠡ
ᠨᠡᠶᠢᠲᠡᠯᠡᠭᠰᠡᠨ ᠴᠠᠭ᠄
2022/10/31
      ᠣᠶᠢᠷ᠎ᠡ ᠳᠤ᠂ ᠰᠢᠨᠬᠤᠸᠠ ᠬᠤᠷᠢᠶᠠᠨ ᠤ ︽ᠲᠣᠷᠣᠨᠠᠲᠤ ᠶᠢ ᠬᠠᠷᠠᠬᠤᠢ ᠭᠠᠷᠠᠭ ᠤᠨ ᠬᠡᠪᠯᠡᠯ︾᠎ ᠠᠴᠠ ᠭᠤᠣᠯᠯᠠᠨ ᠡᠷᠬᠢᠯᠡᠭᠰᠡᠨ 2021 ᠣᠨ ᠤ ᠲᠣᠮᠳᠠᠳᠤ ᠤᠯᠤᠰ ᠤᠨ ᠵᠣᠯ ᠵᠢᠷᠭᠠᠯᠲᠤ ᠬᠤᠲᠠ ᠶᠢᠨ ᠶᠠᠷᠢᠯᠴᠠᠭ᠎ᠠ ᠪᠡᠭᠡᠵᠢᠩ ᠳᠤ ᠶᠠᠪᠣᠭᠳᠠᠵᠤ᠂ ᠰᠦᠯᠵᠢᠶᠡᠨ ᠲᠡᠭᠡᠷ᠎ᠡ ︽2021 ᠣᠨ ᠤ  ᠲᠣᠮᠳᠠᠳᠣ ᠤᠯᠤᠰ ᠤᠨ ᠵᠣᠯ ᠵᠢᠷᠭᠠᠯᠲᠤ ᠬᠤᠲᠠ ᠶᠢᠨ ᠨᠡᠷᠡᠶᠢᠳᠦᠯ︾᠎ ᠢ ᠨᠡᠶᠢᠲᠡᠯᠡᠵᠤ᠂ ᠡᠵᠡᠨ ᠬᠤᠷᠤᠭ᠎ᠠ ᠬᠤᠰᠢᠭᠤ ᠨᠢ ︽2021 ᠣᠨ ᠤ  ᠲᠣᠮᠳᠠᠳᠣ ᠤᠯᠤᠰ ᠤᠨ ᠵᠣᠯ ᠵᠢᠷᠭᠠᠯᠲᠤ ᠬᠤᠲᠠ᠂ ᠦᠢᠯᠡᠰ ᠪᠣᠰᠬᠠᠵᠤ ᠣᠷᠣᠰᠢᠨ ᠠᠮᠢᠳᠣᠷᠠᠬᠤ ᠬᠠᠮᠤᠭ ᠤᠨ ᠲᠣᠬᠢᠯᠢᠭ ᠭᠠᠵᠠᠷ︾᠎ ᠤᠨ ᠢᠷᠠᠭᠤ ᠠᠯᠳᠠᠷ ᠢ ᠬᠦᠷᠲᠡᠵᠡᠢ᠃      ᠡᠨᠡᠬᠦ ᠰᠢᠯᠭᠠᠷᠠᠭᠤᠯᠣᠯᠲᠠ ᠶᠢ ᠬᠢᠬᠦ ᠳᠤ ᠮᠡᠳᠡᠭᠦᠯᠦᠯᠲᠡ ᠬᠢᠬᠦ᠂ ᠲᠣᠬᠠᠢ ᠶᠢᠨ ᠭᠠᠵᠠᠷ ᠲᠤ ᠪᠠᠶᠢᠴᠠᠭᠠᠯᠲᠠ ᠬᠢᠬᠦ᠂ ᠲᠣᠰᠬᠠᠢ ᠮᠡᠷᠭᠡᠵᠢᠯᠲᠡᠨ ᠠᠴᠠ ᠬᠢᠨᠠᠨ ᠰᠢᠯᠭᠠᠯᠲᠠ ᠬᠢᠬᠦ ᠵᠡᠷᠭᠡ ᠤᠯᠠᠨ ᠠᠯᠬᠤᠮ ᠢ ᠥᠩᠭᠡᠷᠡᠭᠡᠵᠥ ᠲᠡᠪᠰᠢᠨ ᠣᠷᠣᠭᠰᠠᠨ ᠪᠠᠶᠢᠭ᠎ᠠ ᠶᠤᠮ᠃ ᠡᠵᠡᠨ ᠬᠤᠷᠤᠭ᠎ᠠ ᠬᠤᠰᠢᠭᠤ ᠣᠶᠢᠷ᠎ᠡ ᠶᠢᠨ ᠵᠢᠯ ᠳᠤ ᠠᠷᠠᠳ ᠲᠦᠮᠡᠨ ᠤ ᠬᠤᠲᠠ ᠨᠢ ᠠᠷᠠᠳ ᠲᠦᠮᠡᠨ ᠤ ᠲᠦᠯᠦᠭᠡ ᠪᠠᠶᠢᠵᠤ᠂  ᠴᠢᠨᠠᠷ ᠰᠠᠶᠢᠳᠠᠢ ᠬᠥᠭᠵᠢᠯᠲᠡ ᠶᠢ ᠡᠷᠢᠯᠬᠢᠯᠡᠨ᠂ ᠠᠷᠠᠳ ᠲᠦᠮᠡᠨ ᠳᠤ ᠪᠠᠨ ᠵᠣᠯ ᠵᠢᠷᠭᠠᠯᠲᠤ ᠬᠤᠲᠠ ᠶᠢ ᠡᠭᠦᠳᠦᠨ ᠪᠠᠶᠢᠭᠤᠯᠬᠤ ᠵᠣᠷᠢᠯᠭ᠎ᠠ ᠪᠠᠷ ᠠᠵᠢᠯ ᠢᠶᠠᠨ ᠡᠬᠢᠯᠡᠭᠦᠯᠵᠥ᠂ ᠣᠯᠣᠭᠰᠠᠨ ᠠᠮᠵᠢᠯᠲᠠ ᠳᠤ ᠪᠠᠨ ᠤᠯᠠᠮ ᠵᠣᠷᠢᠭᠵᠢᠵᠤ᠂ ᠡᠵᠡᠨ ᠬᠤᠷᠤᠭ᠎ᠠ ᠬᠤᠰᠢᠭᠤ ᠪᠠᠨ ᠵᠣᠯ ᠵᠢᠷᠭᠠᠯᠲᠤ ᠬᠤᠲᠠ ᠶᠢᠨ ᠬᠡᠪ ᠲᠠᠭᠤᠷᠢᠶᠠᠯ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠨ ᠠᠵᠢᠯᠯᠠᠵᠥ ᠪᠠᠶᠢᠨ᠎ᠡ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ