ᠶᠤᠸᠠᠨ ᠵᠢᠩ ᠨᠡᠬᠦᠷᠡᠰᠦᠳᠦ᠋ᠷᠦᠭᠴᠢ ᠶᠢ ᠦᠯᠦ ᠭᠠᠳᠠᠬᠰᠢᠯᠠᠭᠤᠯᠬᠤ ᠠᠵᠤ ᠦᠢᠯᠡᠰ ᠤᠨ ᠬᠦᠷᠢᠶᠡᠯᠡᠩ 4  ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠦᠢᠯᠡᠳᠪᠦᠷᠢᠯᠡᠬᠦ ᠪᠠᠷ ᠲᠦᠯᠦᠪᠯᠡᠵᠦ ᠪᠤᠢ
ᠨᠡᠶᠢᠲᠡᠯᠡᠭᠰᠡᠨ ᠴᠠᠭ᠄
2022/10/31
    ᠣᠷᠳᠣᠰ ᠤᠨ ᠶᠤᠸᠠᠨ ᠵᠢᠩ ᠨᠡᠭᠦᠷᠡᠰᠦᠲᠥ᠋ᠷᠥᠭᠴᠢ ᠶᠢ ᠦᠯᠦ ᠭᠠᠳᠠᠬᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ 2021 ᠣᠨ ᠤ 2 ᠳ᠋ᠤᠭᠠᠷ ᠰᠠᠷ᠎ᠠ ᠳᠤ ᠡᠵᠡᠨ ᠬᠤᠷᠤᠭ᠎ᠠ ᠬᠤᠰᠢᠭᠤᠨ ᠳᠤ  ᠰᠠᠭᠤᠷᠢᠰᠢᠵᠦ᠂ ᠲᠥᠷᠥᠯ ᠵᠦᠢᠯ ᠳᠤ 100 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠣᠳᠣᠬᠠᠨ ᠳᠤ᠂ ᠲᠥᠷᠥᠯ ᠵᠦᠢᠯ ᠨᠢ ᠲᠤᠨᠤᠭ ᠲᠥᠬᠦᠭᠡᠷᠦᠮᠵᠢ ᠶᠢᠨ ᠬᠤᠯᠪᠣᠭᠠᠯᠠᠨ ᠲᠤᠬᠢᠷᠠᠭᠤᠯᠤᠨ ᠲᠤᠷᠰᠢᠬᠤ ᠱᠠᠲᠤᠨ ᠳᠤ ᠣᠷᠣᠵᠤ᠂ ᠵᠢᠱᠢᠯᠲᠡ ᠪᠠᠷ ᠡᠨᠡ ᠵᠢᠯ ᠤᠨ 4 ᠳ᠋ᠦ᠋ᠭᠡᠷ ᠰᠠᠷ᠎ᠠ ᠶᠢᠨ 1᠎ ᠤ ᠡᠳᠦᠷ  ᠦᠢᠯᠡᠳᠪᠦᠷᠢᠯᠡᠬᠦ ᠪᠤᠯᠤᠨ᠎ᠠ᠃      ᠶᠤᠸᠠᠨ ᠵᠢᠩ ᠨᠡᠬᠦᠷᠡᠰᠦᠳᠦ᠋ᠷᠦᠭᠴᠢ ᠶᠢ ᠦᠯᠦ ᠭᠠᠳᠠᠬᠰᠢᠯᠠᠭᠤᠯᠬᠤ ᠠᠵᠤ ᠦᠢᠯᠡᠰ ᠤᠨ ᠬᠦᠷᠢᠶᠡᠯᠡᠩ  ᠪᠠᠶᠢᠭᠤᠯᠤᠬᠰᠠᠨ ᠤ ᠳᠠᠷᠠᠭ᠎ᠠ᠂ ᠠᠳᠡ ᠪᠥᠬᠦ ᠤᠯᠤᠰ ᠤᠨ ᠴᠢᠬᠤᠯᠠ ᠬᠥᠳᠡᠯᠭᠡᠬᠦ ᠬᠦᠴᠦᠨ ᠵᠢᠴᠢ ᠡᠨᠧᠷᠭᠢ ᠬᠠᠳᠠᠭᠠᠯᠠᠬᠤ ᠳ᠋ᠢᠶᠠᠨ ᡂᠢ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠵᠣ᠂ ᠮᠠᠨ ᠤ ᠬᠤᠲᠠ ᠶᠢᠨ 3 ᠲᠦᠮᠡ ᠭᠠᠷᠤᠶ ᠴᠠᠬᠢᠯᠭᠠᠨ ᠬᠥᠳᠡᠯᠭᠡᠭᠦᠷᠲᠦ ᠬᠦᠨᠳᠦ ᠠᠴᠢᠶᠠᠨ ᠤ ᠮᠠᠰᠢᠨ ᠳᠤ ᠠᠶᠤᠯᠬᠦᠢ᠂ ᠥᠨᠳᠥᠷ ᠳᠠᠭᠠᠭᠠᠮᠠᠭᠠᠶ ᠴᠢᠨᠠᠷ ᠲᠠᠢ ᠪᠠ ᠴᠢᠨᠠᠷᠵᠢᠭᠤᠨ᠂ ᠦᠨ᠎ᠡ ᠴᠠᠨ᠎ᠠ ᠲᠤᠬᠢᠷᠠᠮᠵᠢᠳᠠᠢ ᠬᠥᠳᠡᠯᠭᠡᠬᠦ ᠬᠦᠴᠦᠨ ᠤ ᠳ᠋ᠢᠶᠠᠨ ᡂᠢ ᠬᠠᠩᠭᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠶᠡᠭᠡ ᠬᠡᠮᠵᠢᠶ᠎ᠡ ᠪᠠᠷ ᠪᠠᠭᠤᠷᠠᠭᠤᠯᠵᠤ ᠪᠣᠯᠬᠤ ᠪᠥᠭᠡᠳ ᠪᠠᠰᠠ ᠰᠠᠯᠬᠢ ᠬᠡᠷᠡᠯ ᠬᠠᠳᠠᠭᠠᠯᠠᠬᠤ ᠬᠡᠷᠡᠭᠯᠡᠯᠲᠡ ᠳᠤ ᠬᠡᠲᠦ ᠨᠥᠭᠡᠴᠡᠯᠡᠬᠦ ᠡᠨᠧᠷᠭᠢ ᠶᠢᠨ ᠳ᠋ᠢᠶᠠᠨ ᡂᠢ ᠬᠠᠩᠭᠠᠵᠤ ᠪᠣᠯᠤᠨ᠎ᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ