ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠤᠪᠴᠢᠶᠠᠨ ᠳᠠᠷᠤᠭ᠎ᠠ ᠫᠠᠨ ᡁᠢ ᠹᠧᠩ ᠨᠡᠷ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/10/31
     ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠫᠠᠨ ᡁᠢ ᠹᠧᠩ ᠨᠡᠷ ᠮᠠᠨ ᠤ ᠬᠤᠰᠢᠭᠤᠨ ᠳᠤ ᠢᠷᠡᠵᠦ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ ᠬᠤᠲᠠ᠂ ᠬᠤᠰᠢᠭᠤᠨ ᠤ ᠤᠳᠤᠷᠢᠳᠤᠯᠭ᠎ᠠ ᠬᠤᠸᠠ ᠷᠦᠢ ᠹᠸᠡᠭ᠂ ᠯᠢᠦ ᠹᠸᠡᠭ ᠶᠦᠨ᠂ ᠡᠤ ᠶᠦᠨ᠂ ᠨᠢ ᠬᠤᠩ᠂ ᠮᠡᠨᠳᠦᠪᠠᠶᠠᠷ᠂ ᠯᠢ ᠬᠦᠶ ᠵᠢᠴᠢ ᠬᠤᠲᠠ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠣᠰ ᠲᠣᠰ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠫᠠᠨ ᡁᠢ ᠹᠧᠩ ᠨᠠᠷ ᠤᠷᠢᠳ ᠬᠤᠵᠢᠳ ᠲᠡᠭᠷᠢᠯᠢᠭ ᠤᠷᠤᠨ ᠤ ᠤᠯᠠᠨ ᠲᠠᠶᠠᠭᠠᠷ ᠢᠶᠠᠨ ᠦᠢᠯᠡᠰ ᠪᠦᠳᠦᠭᠡᠬᠦ ᠬᠦᠷᠢᠶᠡᠯᠡᠩ᠂  ᠠᠯᠳᠠᠨᠰᠢᠷᠡᠭᠡ ᠪᠠᠯᠭᠠᠰᠤᠨ ᠤ ᠸᠠᠩ ᠤᠨ ᠤᠷᠳᠤᠨ ᠵᠠᠮ ᠨᠡᠶᠢᠭᠡᠮ ᠲᠣᠭᠤᠷᠢᠭ ᠵᠡᠷᠭᠡ ᠭᠠᠵᠠᠷ ᠲᠤ ᠬᠦᠷᠴᠦ᠂ ᠬᠦᠷᠢᠶᠡᠯᠡᠩ ᠳᠤ ᠤᠷᠤᠭᠰᠠᠠ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠡᠭᠡ ᠲᠠᠩᠰᠠ ᠪᠠᠶᠢᠭᠤᠯᠤᠭᠰᠠᠨ᠂ ᠦᠢᠯᠡᠳᠪᠦᠷᠢᠯᠡᠯ ᠤᠨ ᠠᠵᠢᠯᠯᠠᠭᠠᠨ ᠤ ᠪᠠᠶᠢᠳᠠᠯ ᠪᠣᠯᠤᠨ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ᠤᠳᠤ ᠶᠢᠨ ᠬᠡᠷᠡᠭᠵᠢᠭᠦᠯᠵᠦ ᠪᠠᠶᠢᠭ᠎ᠠ ᠲᠣᠭᠲᠠᠴᠠ ᠶᠢ ᠭᠦᠨᠵᠡᠭᠡᠢ ᠣᠶᠢᠯᠠᠭᠠᠵᠤ᠂ ᠲᠤᠭ᠎ᠠ ᠪᠦᠷᠢᠳᠬᠡᠯ ᠤᠨ ᠲᠠᠩᠰᠠ ᠡᠪᠬᠡᠮᠡᠯ᠂ ᠲᠤᠭ᠎ᠠ ᠪᠦᠷᠢᠳᠬᠡᠯ ᠤᠨ ᠠᠵᠢᠯ ᠤᠨ ᠡᠭᠡ ᠲᠠᠩᠰᠠ ᠵᠢᠴᠢ ᠲᠤᠭ᠎ᠠ ᠪᠦᠷᠢᠳᠬᠡᠯ ᠤᠨ ᠨᠡᠷᠡᠰ ᠤᠨ ᠬᠥᠮᠥᠷᠭᠡ ᠵᠡᠷᠭᠡ ᠶᠢ ᠲᠤᠬᠠᠢ ᠶᠢᠨ ᠭᠠᠵᠠᠷ ᠲᠤ ᠨᠢ ᠪᠠᠶᠢᠴᠠᠭᠠᠨ ᠦᠵᠡᠵᠦ᠂ ᠲᠤᠭ᠎ᠠ ᠪᠦᠷᠢᠳᠬᠡᠯ ᠤᠨ ᠠᠵᠢᠯ ᠤᠨ ᠦᠷᠳᠡᠭᠡ ᠶᠢᠨ ᠠᠵᠢᠯ ᠤᠨ ᠠᠭᠤᠯᠭ᠎ᠠ ᠪᠣᠯᠤᠨ ᠠᠷᠭ᠎ᠠ ᠬᠡᠯᠪᠡᠷᠢ᠂ ᠠᠵᠢᠯᠳᠠᠨ ᠲᠤᠨᠤᠭ ᠲᠥᠬᠦᠭᠡᠷᠦᠮᠵᠢ ᠶᠢᠨ ᠲᠤᠬᠢᠷᠠᠭᠤᠯᠤᠯᠳᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃      ᠫᠠᠨ ᡁᠢ ᠹᠧᠩ ᠮᠠᠨ ᠤ ᠬᠤᠰᠢᠭᠤᠨ ᠤ ᠲᠤᠭ᠎ᠠ ᠪᠦᠷᠢᠳᠬᠡᠯ ᠤᠨ ᠠᠵᠢᠯ ᠢ  ᠬᠦᠢᠴᠡᠳ ᠨᠤᠲᠠᠯᠠᠪᠠ᠃ ᠲᠡᠷᠡ ᠵᠢᠭᠠᠵᠦ ᠭᠠᠷᠭᠠᠬᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠤᠨ ᠬᠢᠨ ᠲᠤᠭ᠎ᠠ ᠪᠦᠷᠢᠳᠬᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ︽ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯ ᠢ ᠠᠬᠢᠭᠤᠯᠬᠤ ᠶᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾᠎ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠡᠷᠢᠭᠦᠨ ᠤ ᠭᠠᠵᠠᠷ ᠣᠷᠣᠨ ᠤ ᠰᠠᠶᠢᠨ ᠲᠤᠷᠰᠢᠯᠭ᠎ᠠ ᠂ ᠰᠠᠶᠢᠨ ᠠᠷᠭ᠎ᠠ ᠪᠠᠷᠢᠯ ᠢ ᠢᠳᠡᠪᠬᠢᠲᠡᠶ ᠰᠤᠷᠤᠯᠴᠠᠨ ᠲᠣᠯᠢᠯᠠᠵᠤ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠠᠵᠢᠯ ᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠬᠤ ᠪᠠᠷ ᠴᠢᠷᠮᠠᠶᠢᠬᠤ ᠬᠡᠷᠡᠭᠲᠡᠶ᠃ ᠬᠦᠷᠢᠶᠡᠯᠡᠩ ᠳᠤ ᠤᠷᠤᠭᠰᠠᠨ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯᠲᠠᠨ ᠤ ᠪᠤᠯᠪᠠᠰᠤᠷᠠᠯ ᠢ ᠴᠢᠩᠭᠠᠳᠬᠠᠵᠤ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠰᠦᠪᠡᠭᠴᠢᠯᠡᠬᠦ ᠳᠤ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠶ  ᠭᠡᠪᠡ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ