ᠡᠵᠡᠨ ᠬᠤᠷᠤᠭ᠎ᠠ ᠬᠤᠰᠢᠭᠤ 500 ᠲᠦᠮᠡᠨ ᠲᠥᠭᠦᠷᠢᠭ ᠤᠨ ᠦᠷᠳᠡᠭ ᠪᠦᠬᠦᠢ ᠡᠯᠧᠺᠲᠷᠣᠨ ᠵᠤᠭᠤᠰᠤᠨ ᠲᠡᠮᠳᠡᠭ ᠲᠠᠷᠬᠠᠭᠠᠨ ᠠᠷᠠᠳ ᠲᠦᠮᠡᠨ ᠳᠤ  ︽ᠰᠢᠨ᠎ᠠ ᠶᠢᠨ ᠪᠡᠯᠡᠭ︾ ᠪᠤᠯᠭᠠᠭᠰᠠᠨ ᠪᠠᠶᠢᠨ᠎ᠠ
ᠨᠡᠶᠢᠲᠡᠯᠡᠭᠰᠡᠨ ᠴᠠᠭ᠄
2022/10/31
    ᠤᠶᠢᠷ᠎ᠠ ᠳᠤ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠥᠬᠦ ᠬᠤᠰᠢᠭᠤᠨ ᠤ ᠣᠲᠣ ᠦᠶ᠎ᠡ ᠶᠢᠨ ᠤᠶᠢᠯᠡᠴᠢᠯᠡᠭᠡᠨ ᠤ ᠤᠶᠢᠯᠡᠰ ᠤᠨ ᠬᠦᠷᠢᠶᠡᠨ ᠳᠠᠬᠢ ᠡᠯ᠎ᠡ ᠲᠣᠮᠣ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂  ᠵᠢᠵᠢᠭ ᠳᠡᠯᠭᠡᠭᠦᠷ᠂ ᠢᠳᠡᠭᠡᠨ ᠤᠮᠳᠠᠭᠠᠨ ᠤ ᠲᠡᠯᠭᠡᠬᠦᠷ᠂ ᠵᠤᠴᠢᠳ ᠤᠨ ᠪᠠᠭᠤᠳᠠᠯ ᠵᠡᠷᠭᠡ ᠲᠠᠯᠠᠪᠤᠷ ᠲᠤ 500 ᠲᠦᠮᠡᠨ ᠲᠥᠭᠦᠷᠢᠭ ᠤᠨ ᠦᠷᠳᠡᠭ ᠪᠦᠬᠦᠢ ᠡᠯᠧᠺᠲᠷᠣᠨ ᠵᠤᠭᠤᠰᠤᠨ ᠲᠡᠮᠳᠡᠭ  ᠲᠠᠷᠬᠠᠭᠠᠵᠤ᠂ ︽ᠡᠵᠡᠨ ᠬᠤᠷᠤᠭ᠎ᠠ ᠬᠤᠰᠢᠭᠤᠨ ᠤ 2022 ᠣᠨ ᠤ ᠴᠠᠭᠠᠨ ᠰᠠᠷ᠎ᠠ ᠶᠢ ᠤᠭᠲᠤᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠡᠷᠡᠭᠯᠡᠭᠡ ᠶᠢ ᠠᠬᠢᠭᠤᠯᠬᠤ︾ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠡᠷᠴᠢᠮ ᠲᠠᠢ ᠦᠷᠨᠢᠬᠦᠯᠪᠠ᠃   ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠬᠡᠷᠡᠭᠯᠡᠭᠡ ᠶᠢ ᠦᠷᠭᠦᠯᠵᠢᠯᠡᠨ ᠰᠡᠷᠭᠦᠭᠡᠬᠦ ᠶᠢ ᠠᠬᠢᠭᠤᠯᠬᠤ ᠲᠤᠬᠠᠶ ᠰᠢᠢᠳᠪᠤᠷᠢᠳᠤ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠡᠵᠡᠨ ᠬᠤᠷᠤᠭ᠎ᠠ ᠬᠤᠰᠢᠭᠤ ᠴᠠᠭᠠᠨ ᠰᠠᠷ᠎ᠠ ᠶᠢᠨ ᠤᠯᠠᠮᠵᠢᠯᠠᠯᠲᠤ ᠪᠠᠶᠠᠷ ᠤᠨ ᠡᠳᠦᠷ ᠤᠨ ᠬᠡᠷᠡᠭᠯᠡᠭᠡ ᠶᠢᠨ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠭᠰᠡᠨ ᠤᠷᠢᠲᠠᠯ ᠳᠤᠤᠷ᠎ᠠ᠂ ᠬᠡᠷᠡᠭᠯᠡᠭᠡᠨ ᠤ ᠬᠠᠯᠠᠮᠰᠢᠯ ᠴᠡᠭ ᠪᠠ ᠨᠡᠮᠡᠭᠳᠡᠯ ᠤᠨ ᠴᠡᠭ ᠢ ᠤᠯᠠᠮ ᠨᠢᠭᠡ ᠠᠯᠬᠤᠮ ᠠᠭᠤᠳᠠᠯᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾᠎ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠴᠠᠭᠠᠨ ᠰᠠᠷ᠎ᠠ ᠶᠢ ᠤᠭᠲᠤᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠡᠷᠡᠭᠯᠡᠭᠡ ᠶᠢ ᠠᠬᠢᠭᠤᠯᠬᠤ ᠲᠠᠯ᠎ᠠ ᠪᠠᠷ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠥᠷᠨᠢᠭᠦᠯᠪᠡ᠃    ᠴᠠᠭᠠᠨ ᠰᠠᠷ᠎ᠠ ᠪᠣᠯᠬᠤ ᠪᠦᠷᠢ᠂ ᠵᠡᠭᠡᠯᠢ ᠲᠤᠭᠤᠷᠢᠵᠤ ᠡᠳ᠋ ᠪᠤᠳᠠᠰ᠂ ᠢᠳᠡᠭᠡᠨ ᠤᠮᠳᠠᠭᠠᠨ ᠬᠤᠳᠠᠯᠳᠤᠨ ᠠᠪᠬᠤ ᠪᠣᠯ ᠡᠵᠡᠨ ᠬᠤᠷᠤᠭ᠎ᠠ ᠬᠤᠰᠢᠭᠤᠨ ᠤ ᠬᠥᠮᠦᠰ ᠤᠨ ᠳᠠᠳᠬᠠᠯ  ᠪᠠᠶᠢᠵᠤ᠂ ᠦᠷᠯᠤᠭᠡ ᠡᠷᠳᠡ ᠠᠴᠠ ᠡᠯ᠎ᠡ ᠲᠡᠯᠭᠡᠬᠦᠷ᠂ ᠬᠤᠳᠠᠯᠳᠤᠭᠠᠨ ᠤ ᠵᠠᠬ᠎ᠠ ᠶᠡᠭᠡ ᠬᠦᠭᠵᠢᠶᠡᠨ ᠲᠠᠢ ᠪᠠᠶᠢᠪᠠ᠃ ᠢ ᠱᠠᠩ ᠺᠧ ᠬᠡᠲᠦ ᠳᠡᠯᠭᠡᠭᠦᠷ ᠤᠨ ᠬᠠᠷᠢᠭᠤᠴᠠᠯᠭᠠᠲᠠᠨ ᠠᠴᠠ᠄ ︽ᠲᠠᠪᠤᠨ ᠡᠳᠦᠷ ᠤᠨ ᠲᠤᠷᠰᠢ᠂ ᠳᠡᠯᠭᠡᠭᠦᠷ ᠤᠨ ᠡᠵᠡᠩᠨᠡᠯᠲᠡ ᠶᠢᠨ ᠬᠡᠮᠵᠢᠶ᠎ᠡ 132 ᠲᠦᠮᠡᠨ ᠲᠥᠭᠦᠷᠢᠭ ᠲᠤ ᠬᠦᠷᠴᠦ᠂ ᠡᠵᠡᠩᠨᠡᠯᠲᠡ ᠶᠢᠨ ᠬᠡᠮᠵᠢᠶ᠎ᠡ ᠣᠷᠭᠢᠯ ᠳᠠᠭᠠᠨ ᠲᠤᠯᠵᠤ᠂ ᠬᠡᠲᠦ ᠳᠡᠯᠭᠡᠭᠦᠷ ᠣᠯᠠᠨ ᠠᠰᠢᠭ ᠬᠦᠷᠳᠡᠯ᠎ᠡ︾ ᠭᠡᠮᠡᠨ ᠢᠯᠡᠳᠭᠡᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠤᠷᠳᠤᠰ ᠤᠨ ᠮᠠᠯ ᠲᠠᠷᠢᠶᠠᠯᠠᠩ ᠤᠨ ᠣᠨᠴᠠ ᠭᠠᠷᠤᠯᠲᠠ ᠶᠢᠨ ᠳᠡᠯᠭᠡᠭᠦᠷ ᠤᠨ ᠡᠵᠡᠩᠨᠡᠭᠴᠢ ᠠᠴᠠ᠄ ︽ᠡᠯᠧᠺᠲᠷᠣᠨ ᠵᠤᠭᠤᠰᠤᠨ ᠲᠡᠮᠳᠡᠭ ᠤᠨ ᠲᠠᠷᠬᠠᠭᠠᠯᠲᠠ ᠎ ᠨᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠪᠣᠷᠣᠯᠠᠭᠤᠯᠭ᠎ᠠ ᠶᠢ ᠳᠠᠶᠢᠴᠢᠯᠠᠵᠤ᠂ ᠨᠢᠭᠡ ᠡᠳᠦᠷ ᠤᠨ ᠪᠣᠷᠣᠯᠠᠭᠤᠯᠤᠯᠲᠠ ᠶᠢᠨ ᠣᠷᠣᠯᠭ᠎ᠠ ᠨᠢ ᠤᠤᠯ ᠤᠨ 5 ᠳᠠᠬᠢᠨ ᠪᠤᠯᠵᠤ᠂ ᠡᠯᠧᠺᠲᠷᠣᠨ ᠵᠤᠭᠤᠰᠤᠨ ᠲᠡᠮᠳᠡᠭ ᠨᠢ ᠣᠷᠳᠣᠰ ᠤᠨ ᠨᠤᠲᠤᠭ ᠤᠨ ᠠᠵᠤ ᠠᠬᠤᠶᠢᠯᠠᠯ ᠢ ᠬᠠᠪᠰᠤᠷᠤᠨ ᠲᠡᠳᠬᠦᠭᠰᠡᠨ ᠢᠶᠠᠷ ᠪᠠᠷᠠᠬᠤ ᠥᠬᠡᠶ ᠮᠠᠯᠴᠢᠨ ᠲᠠᠷᠢᠶᠠᠴᠢᠨ ᠪᠣᠯᠤᠨ ᠣᠷᠣᠯᠭ᠎ᠠ ᠪᠠᠭᠠᠲᠠᠶ ᠬᠥᠮᠦᠰ ᠢ ᠬᠠᠪᠰᠤᠷᠤᠨ ᠲᠡᠳᠬᠦᠵᠤ ᠴᠢᠳᠠᠯ᠎ᠠ᠂ ᠡᠨᠡ ᠪᠣᠯ ᠠᠷᠠᠳ ᠲᠤ ᠠᠰᠢᠭ ᠬᠦᠷᠲᠡᠭᠡᠬᠦ ᠰᠠᠶᠢᠨ ᠶᠠᠪᠤᠳᠠᠯ ᠪᠤᠯᠤᠨ᠎ᠠ︾  ᠭᠡᠮᠡᠨ ᠢᠯᠡᠳᠭᠡᠭᠰᠡᠨ ᠪᠠᠶᠢᠨ᠎ᠠ᠃ ᠲᠤᠰ ᠡᠯᠧᠺᠲᠷᠣᠨ ᠵᠤᠭᠤᠰᠤᠨ ᠲᠡᠮᠳᠡᠭ ᠢ ᠵᠣᠭᠤᠰ ᠬᠤᠷᠢᠶᠠᠬᠤ ᠲᠠᠪᠴᠠᠩ ᠤᠨ ᠡᠮᠦᠨ᠎ᠡ ᠳ᠋ᠦᠩᠨᠡᠨ ᠪᠤᠳᠤᠬᠤ ᠳᠤ ᠪᠠᠨ ᠰᠢᠭᠤᠳ ᠭᠡᠷᠡᠭᠯᠡᠵᠦ ᠪᠤᠯᠳᠠᠭ ᠪᠤᠯᠬᠤᠷ ᠠᠷᠠᠳ ᠲᠤ ᠶᠡᠭᠡ ᠲᠦᠬᠦᠮ ᠦᠵᠡᠬᠦᠯᠵᠦ᠂ ᠦᠨᠡᠨ ᠬᠦ ᠠᠰᠢᠭ ᠬᠦᠷᠳᠡᠭᠡᠭᠰᠡᠨ ᠪᠠᠶᠢᠨ᠎ᠠ᠃   ᠠᠵᠢᠯᠯᠠᠭ᠎ᠠ ᠨᠢ ᠶᠠᠪᠤᠭᠳᠠᠭᠠᠳ ᠲᠠᠪᠤᠨ ᠡᠳᠦᠷ ᠤᠨ ᠳᠣᠲᠣᠷ᠎ᠠ᠂ 500 ᠲᠦᠮᠡᠨ ᠲᠥᠭᠦᠷᠢᠭ ᠤᠨ ᠡᠯᠧᠺᠲᠷᠣᠨ ᠵᠤᠭᠤᠰᠤᠨ ᠲᠡᠮᠳᠡᠭ ᠢ ᠲᠠᠷᠬᠠᠭᠠᠨ ᠲᠠᠭᠤᠰᠬᠠᠵᠤ᠂ ᠨᠡᠶᠢᠲᠡ 1023 ᠠᠵᠤ ᠠᠬᠤᠶᠢᠯᠠᠯ ᠪᠠ ᠬᠤᠪᠢ ᠶᠢᠨ ᠤᠶᠢᠯᠡᠳᠪᠤᠷᠢ ᠬᠤᠳᠠᠯᠳᠤᠭᠠᠨ ᠤ ᠡᠷᠦᠬᠡ ᠶᠢ ᠬᠠᠮᠤᠷᠤᠨ᠂ 58000 ᠭᠠᠷᠤᠶ ᠬᠥᠮᠦᠨ ᠤᠳᠠᠭ᠎ᠠ ᠣᠷᠣᠯᠴᠠᠪᠠ᠃ ᠡᠯᠧᠺᠲᠷᠣᠨ ᠵᠤᠭᠤᠰᠤᠨ ᠲᠡᠮᠳᠡᠭ ᠢ 329 ᠲᠦᠮᠡᠨ ᠲᠥᠭᠦᠷᠢᠭ ᠬᠡᠷᠡᠭᠯᠡᠵᠦ᠂ ᠬᠡᠷᠡᠭᠯᠡᠭᠡ ᠶᠢ 3400 ᠭᠠᠷᠤᠢ ᠲᠦᠮᠡᠨ ᠲᠥᠭᠦᠷᠢᠭ ᠲᠠᠶᠢᠴᠢᠯᠠᠨ᠂ ᠡᠭᠦᠨ ᠳᠤ ᠰᠠᠭᠤᠭᠠᠯᠢ ᠠᠷᠠᠳ ᠤᠨ ᠬᠡᠷᠡᠭᠯᠡᠭᠡ ᠶᠢ 2248 ᠲᠦᠮᠡᠨ ᠲᠥᠭᠦᠷᠢᠭ ᠰᠢᠭᠤᠳ ᠲᠠᠶᠢᠴᠢᠯᠠᠵᠤ ᠴᠢᠳᠠᠭᠰᠠᠨ ᠪᠠᠶᠢᠨ᠎ᠠ᠃    ᠣᠶᠢᠷ᠎ᠠ ᠶᠢᠨ ᠵᠢᠯ ᠠᠴᠠ ᠨᠠᠭᠠᠰᠢ᠂ ᠡᠵᠡᠨ ᠬᠤᠷᠤᠭ᠎ᠠ ᠬᠤᠰᠢᠭᠤ ᠰᠠᠭᠤᠭᠠᠯᠢ ᠠᠷᠠᠳ ᠤᠨ ᠬᠡᠷᠡᠭᠯᠡᠭᠡᠨ ᠤ ᠳᠠᠳᠬᠠᠯ ᠤᠨ ᠬᠤᠪᠢᠷᠠᠯᠲᠠ ᠪᠣᠯᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠬᠡᠷᠡᠭᠴᠡᠭᠡ ᠳᠤ ᠵᠣᠬᠢᠴᠠᠭᠤᠯᠬᠤ ᠶᠢᠨ ᠲᠥᠯᠥᠭᠡ᠂ ᠵᠣᠬᠢᠶᠠᠨ ᠪᠠᠶᠢᠭᠤᠯᠵᠤ ᠵᠣᠬᠢᠴᠠᠭᠤᠯᠬᠤ ᠪᠠᠨ ᠦᠨᠡᠨ ᠬᠦ ᠴᠢᠩᠭᠠᠳᠬᠠᠵᠤ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠢᠲᠡᠭᠡᠯ ᠵᠣᠷᠢᠭ ᠢᠶᠠᠨ ᠬᠥᠪᠴᠢᠯᠡᠵᠦ᠂ ᠪᠣᠬᠢᠷᠲᠤᠯ ᠥᠬᠡᠶ ᠬᠡᠷᠡᠭᠯᠡᠭᠡ ᠶᠢ ᠢᠳᠡᠪᠬᠢᠲᠡᠶ ᠬᠥᠭᠵᠢᠭᠦᠯᠵᠦ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠦᠴᠢᠷᠳᠡᠯ ᠢ ᠰᠢᠢᠳᠪᠤᠷᠢᠯᠡᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠦᠴᠢᠷᠳᠡᠯᠲᠡᠶ ᠣᠯᠠᠨ ᠲᠦᠮᠡᠨ ᠵᠡᠷᠭᠡ ᠬᠥᠮᠦᠰ ᠤᠨ ᠦᠨᠳᠦᠰᠦᠨ ᠠᠮᠢᠳᠤᠷᠠᠯ ᠤᠨ ᠬᠡᠷᠡᠭᠯᠡᠭᠡ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃    ᠲᠠᠷᠠᠭᠠᠴᠢ ᠶᠢᠨ ᠠᠯᠬᠤᠮ ᠳᠤ᠂ ᠡᠵᠡᠨ ᠬᠤᠷᠤᠭ᠎ᠠ ᠬᠤᠰᠢᠭᠤᠨ ᠤ ᠣᠲᠣ ᠦᠶ᠎ᠡ ᠶᠢᠨ ᠤᠶᠢᠯᠡᠴᠢᠯᠡᠭᠡᠨ ᠤ  ᠤᠶᠢᠯᠡᠰ ᠤᠨ ᠬᠥᠭᠵᠢᠯᠲᠡ ᠶᠢᠨ ᠲᠥᠪ ᠤᠨ ᠬᠢᠨ ᠭᠠᠵᠠᠷ ᠣᠷᠣᠨ ᠤ ᠠᠵᠤ  ᠤᠶᠢᠯᠡᠰ ᠤᠨ ᠳᠠᠪᠠᠭᠤᠯᠢᠭ᠂ ᠬᠡᠷᠡᠭᠯᠡᠭᠡᠨ ᠤ ᠬᠠᠯᠠᠮᠰᠢᠯ ᠵᠢᠴᠢ ᠦᠨᠳᠦᠰᠦᠲᠡᠨ ᠤ ᠵᠠᠩ  ᠤᠶᠢᠯᠠ ᠰᠣᠶᠣᠯ ᠤᠨ ᠣᠨᠴᠠᠯᠢᠭ ᠲᠠᠢ ᠤᠯᠠᠮ ᠨᠢᠭᠡ ᠠᠯᠬᠤᠮ ᠤᠶᠠᠯᠳᠤᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠣᠯᠠᠨ ᠶᠠᠩᠵᠤ ᠶᠢᠨ ᠬᠡᠯᠪᠡᠷᠢ ᠮᠠᠶ᠋ᠢᠭ ᠲᠠᠢ᠂ ᠡᠯᠪᠡᠭ ᠪᠠᠶᠠᠯᠢᠭ ᠠᠭᠤᠯᠭ᠎ᠠ ᠲᠠᠢ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠭᠤᠰᠤᠯᠴᠠᠯ ᠤᠶᠢᠯᠡᠳᠤᠯᠴᠠᠯ ᠢ ᠴᠢᠩᠭᠠᠳᠬᠠᠨ᠂ ᠠᠵᠤ ᠠᠬᠤᠶᠢᠯᠠᠯ ᠤᠨ ᠤᠨᠴᠠᠯᠢᠬᠳᠤ ᠲᠠᠸᠠᠷ ᠤᠨ ᠦᠵᠡᠭᠦᠯᠭᠡ᠂ ᠠᠮᠲᠠᠲᠤ ᠢᠳᠡᠭᠡᠨ ᠤ ᠰᠣᠶᠣᠯ ᠤᠨ ᠨᠠᠶᠢᠷ ᠵᠡᠷᠭᠡ ᠡᠯ᠎ᠡ ᠲᠥᠷᠥᠯ ᠤᠨ ᠠᠵᠢᠯᠯᠠᠭ᠎ᠠ ᠡᠷᠭᠢᠯᠡᠬᠦ ᠶᠢ ᠵᠢᠯᠣᠭᠤᠳᠴᠤ᠂ ᠲᠠᠸᠠᠷ ᠪᠠ  ᠤᠶᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠂ ᠵᠠᠬ᠎ᠠ ᠳᠡᠯᠭᠡᠭᠦᠷ ᠤᠨ ᠬᠡᠷᠡᠭᠯᠡᠭᠡ ᠶᠢ  ᠠᠬᠢᠭᠤᠯᠬᠤ ᠪᠠᠷ ᠪᠠᠶᠢᠨ᠎ᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ