| ᠤᠶᠢᠷ᠎ᠠ ᠳᠤ᠂ ᠮᠠᠨ ᠤ ᠬᠤᠰᠢᠭᠤᠨ ᠤ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ︽ᠲᠠᠪᠴᠠᠩ ᠳᠠᠬᠢ ᠮᠦᠷᠦᠶᠢᠴᠡᠭᠡᠨ︾ | ᠵᠢᠴᠢ 2021 ᠣᠨ ᠤ ᠪᠠᠶᠢᠭᠤᠯᠭ᠎ᠠ ᠶᠢᠨ ︽ᠠᠷᠪᠠᠨ ᠶᠡᠭᠡ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ︾ ︽ᠠᠷᠪᠠᠨ ᠰᠢᠯᠢᠳᠡᠭ ᠪᠦᠲᠦᠭᠡᠯᠴᠢ ᠵᠣᠬᠢᠶᠠᠨ | ᠪᠠᠶᠢᠭᠤᠯᠤᠯᠲᠠ ᠶᠢᠨ ᠠᠮᠢᠳᠤᠷᠠᠯ ᠤᠨ ᠬᠡᠷᠡᠭ ᠤᠨ ᠵᠢᠱᠢᠶ᠎ᠡ︾ ᠶᠢ ᠰᠢᠯᠭᠠᠷᠠᠭᠤᠯᠤᠨ ᠳᠡᠯᠭᠡᠨ ᠦᠵᠡᠭᠦᠯᠬᠦ ᠠᠵᠢᠯᠯᠠᠭ᠎ᠠ ᠶᠠᠪᠤᠬᠳᠠᠬᠰᠠᠨ ᠪᠠᠶᠢᠨ᠎ᠠ᠃ ᠬᠤᠰᠢᠭᠤᠨ ᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠼᠦᠢ ᠶᠦᠩ ᠫᠢᠩ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠭᠤᠤ ᠰᠢᠶᠤᠤ ᠬᠤᠩ᠂ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ ᠭᠤᠤ ᠶᠦᠩ ᠯᠢᠶᠠᠩ ᠠᠵᠢᠯᠯᠠᠭ᠎ᠠ ᠳᠤ ᠣᠷᠣᠯᠴᠠᠪᠠ᠃ | ︽ᠲᠠᠪᠴᠠᠩ ᠳᠠᠬᠢ ᠮᠦᠷᠦᠶᠢᠴᠡᠭᠡᠨ︾ ᠤ ᠲᠤᠬᠠᠢ ᠶᠢᠨ ᠲᠠᠯᠠᠪᠠᠢ ᠳᠤ᠂ 10 ᠨᠡᠷ᠎ᠡ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠠᠴᠠ ᠨᠠᠮ ᠤᠨ | ᠪᠠᠶᠢᠭᠤᠯᠤᠯᠲᠠ ᠶᠢᠨ ᠲᠦᠷᠦᠯ ᠲᠡᠮᠳᠡᠭ ᠢ ᠡᠭᠦᠳᠦᠨ ᠪᠠᠶᠢᠭᠤᠯᠬᠤ ᠶᠢ ᠠᠳᠠᠯᠢᠳᠬᠠᠨ ᠰᠢᠯᠭᠠᠷᠠᠭᠤᠯᠬᠤ᠂ ᠨᠠᠮ ᠤᠨ ᠪᠠᠶᠢᠭᠤᠯᠤᠯᠲᠠ ᠶᠢᠨ ᠣᠨᠴᠠᠯᠢᠭ ᠪᠥᠬᠦᠶ ᠬᠢᠯᠠᠰ | ᠴᠡᠭ ᠢ ︽ᠭᠠᠶᠢᠬᠠᠭᠤᠯᠬᠤ︾᠂ ᠨᠠᠮ ᠤᠨ ᠪᠠᠶᠢᠭᠤᠯᠤᠯᠲᠠ ᠶᠢᠨ ᠶᠡᠷᠦᠩᠬᠡᠶᠢᠯᠡᠭᠰᠡᠨ ᠦᠷ᠎ᠡ ᠪᠦᠲᠦᠮᠵᠢ ᠶᠢ ︽ᠦᠨᠡᠯᠡᠬᠦ︾ ᠠᠭᠤᠯᠭ᠎ᠠ ᠶᠢᠨ ᠲᠤᠭᠤᠷᠢᠨ ᠳᠤ | ᠮᠦᠷᠦᠶᠢᠴᠡᠨ᠂ ᠦᠷᠢᠰᠦᠯᠳᠦᠬᠦ ᠢᠳᠡᠪᠬᠢᠵᠢᠯ ᠢ ᠬᠦᠭᠵᠢᠬᠡᠵᠦ ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠵᠣᠷᠢᠭᠲᠠᠶ ᠪᠠᠷ | ᠡᠭᠦᠷᠭᠡᠯᠡᠬᠦ ᠰᠠᠶᠢᠨ ᠰᠠᠶᠢᠬᠠᠨ ᠰᠤᠷᠲᠠᠯ ᠢ ᠬᠦᠢᠴᠡᠳ ᠢᠯᠡᠷᠡᠭᠦᠯᠪᠡ᠃ ᠲᠤᠬᠠᠶ ᠶᠢᠨ ᠲᠠᠯᠠᠪᠠᠶ ᠳᠤ ᠪᠠᠰᠠ 2021 ᠣᠨ ᠤ ᠬᠤᠰᠢᠭᠤᠨ ᠤ ᠰᠢᠭᠤᠳ ᠬᠠᠷᠢᠶ᠎ᠠ | ᠪᠠᠶᠢᠭᠤᠯᠭ᠎ᠠ ᠨᠢᠬᠡᠴᠢ ᠶᠢᠨ ︽ᠠᠷᠪᠠᠨ ᠶᠡᠭᠡ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ︾ ᠪᠠ ︽ᠠᠷᠪᠠᠨ ᠰᠢᠯᠢᠳᠡᠭ ᠪᠦᠲᠦᠭᠡᠯᠴᠢ ᠵᠣᠬᠢᠶᠠᠨ | ᠪᠠᠶᠢᠭᠤᠯᠤᠯᠲᠠ ᠶᠢᠨ ᠠᠮᠢᠳᠤᠷᠠᠯ︾ ᠤᠨ ᠬᠡᠷᠡᠭ ᠤᠨ ᠵᠢᠱᠢᠶ᠎ᠡ ᠳᠤ ᠱᠠᠩᠨᠠᠯ ᠭᠠᠷᠳᠠᠭᠤᠯᠪᠠ᠃ | ᠠᠵᠢᠯᠯᠠᠭ᠎ᠠ ᠨᠢ ︽ᠲᠡᠷᠢᠭᠦᠨ ᠤ ᠬᠢ ᠪᠠᠷ ᠪᠠᠷᠢᠮᠵᠢᠶᠠᠯᠠᠵᠦ ᠨᠡᠬᠡᠨ ᠲᠠᠪᠠᠭ᠋ᠤ︾ ᠬᠦᠨ ᠵᠤᠵᠠᠭᠠᠨ ᠠᠭᠤᠷ ᠠᠮᠢᠰᠬᠤᠯ ᠢ ᠪᠤᠶ ᠪᠣᠯᠭᠠᠵᠤ᠂ ᠪᠠᠶᠢᠭᠤᠯᠤᠯᠭ᠎ᠠ ᠶᠢᠨ | ᠨᠠᠮ ᠤᠨ ᠪᠠᠶᠢᠭᠤᠯᠤᠯᠲᠠ ᠶᠢᠨ ᠠᠳᠠᠯᠢᠳᠬᠠᠬᠤ ᠰᠤᠷᠤᠯᠴᠠᠬᠤ ᠨᠡᠬᠡᠨ ᠲᠠᠪᠠᠭ᠋ᠤ ᠡᠷᠴᠢ ᠵᠤᠷᠢᠭ ᠢ ᠪᠠᠳᠠᠷᠠᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ | ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠠᠮᠢᠵᠢᠷᠠᠯ ᠤᠨ ᠬᠦᠴᠦᠨ ᠢ ᠬᠥᠭᠵᠢᠭᠡᠵᠡᠶ᠃ | | | | | | | | |