| ᠣᠶᠢᠷ᠎ᠠ ᠶᠢᠨ ᠵᠢᠯ ᠠᠴᠠ ᠨᠠᠭᠠᠰᠢ᠂ ᠮᠠᠨ ᠤ ᠬᠤᠰᠢᠭᠤ ᠪᠥᠬᠦ ᠠᠷᠠᠳ ᠤᠨ ᠨᠣᠮ ᠤᠩᠰᠢᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ︽ | ᠳᠥᠷᠪᠡᠨ ᠤᠯᠠᠷᠢᠯ ᠤᠨ ᠰᠣᠶᠣᠯ︾ ᠤᠨ ᠤᠨᠴᠠᠯᠢᠭᠳᠤ ᠲᠥᠷᠥᠯ ᠲᠡᠮᠳᠡᠭ ᠢ ᠪᠥᠬᠦ ᠬᠦᠴᠦᠨ ᠢᠶᠠᠷ ᠢᠶᠠᠨ ᠡᠭᠦᠳᠴᠦ᠂ ᠣᠶᠤᠨ ᠤ ᠰᠢᠮ᠎ᠡ ᠨᠢ ᠬᠤᠲᠠ ᠶᠢᠨ | ᠠᠷᠠᠳ ᠤᠨ ᠰᠡᠳᠬᠢᠯ ᠢ ᠤᠮᠳᠠᠯᠠᠨ᠂ ᠨᠤᠮ ᠤᠨ ᠦᠨᠦᠷ ᠬᠠᠩᠬᠤᠯᠤᠬᠰᠠᠨ ᠪᠣᠯᠪᠠᠰᠤᠨ ᠬᠤᠲᠠ ᠶᠢᠨ ᠬᠡᠪ ᠨᠠᠮᠪᠠ ᠶᠢ ᠬᠠᠳᠠᠭᠠᠯᠠᠭᠰᠠᠭᠠᠷ ᠢᠷᠡᠵᠡᠶ᠃ | ᠡᠳᠦᠭᠡ᠂ ᠮᠠᠨ ᠤ ᠬᠤᠰᠢᠭᠤᠨ ᠳᠤ᠂ ᠨᠣᠮ ᠤᠩᠰᠢᠬᠤ ᠨᠢ ᠨᠢᠭᠡᠨᠲᠡ ᠨᠢᠭᠡ ᠵᠦᠢᠯ ᠤᠨ ᠴᠠᠭ ᠤᠨ ᠤᠷᠤᠰᠬᠠᠯ᠂ ᠠᠮᠢᠳᠤᠷᠠᠯ ᠤᠨ ᠠᠷᠭ᠎ᠠ ᠮᠠᠶ᠋ᠢᠭ ᠪᠣᠯᠵᠣ᠂ | ᠵᠡᠭᠡᠯᠢ ᠭᠤᠳᠤᠮᠵᠢ ᠪᠠᠷ ᠨᠣᠮ ᠰᠤᠳᠤᠷ ᠤᠩᠰᠢᠬᠤ ᠠᠭᠤᠷ ᠠᠮᠢᠰᠬᠤᠯ ᠢᠶᠠᠷ ᠪᠢᠯᠬᠠᠮ᠎ᠠ ᠪᠠᠶᠢᠪᠠ᠃ ᠠᠯᠳᠠᠨᠰᠢᠷᠡᠭᠡ ᠪᠠᠯᠭᠠᠰᠤᠨ ᠤ ᠡᠩᠬᠡ ᠨᠡᠶᠢᠭᠡᠮ ᠲᠣᠭᠤᠷᠢᠭ ᠲᠤ | ᠬᠦᠷᠬᠦ ᠳᠤ ᠨᠣᠮ ᠤᠩᠰᠢᠬᠤ ᠦᠷᠦᠭᠡᠨ ᠳᠤ ᠨᠣᠮ ᠤᠨ ᠦᠨᠦᠷ ᠬᠠᠩᠬᠤᠯᠵᠤ᠂ ᠲᠦᠷᠪᠡᠨ ᠲᠠᠯ᠎ᠠ ᠶᠢᠨ ᠬᠡᠷᠡᠮ ᠳᠡᠭᠡᠷ᠎ᠡ ᠤᠷᠠᠨ ᠪᠢᠴᠢᠯᠭᠡ ᠤᠷᠠᠨ ᠵᠢᠷᠤᠭ ᠤᠨ | ᠪᠠᠭ᠋ᠠᠳᠠᠳ ᠤᠨ ᠪᠦᠲᠦᠭᠡᠯ ᠢ ᠲᠦᠭᠦᠷᠡᠲᠡᠯ᠎ᠡ ᠡᠯᠭᠦᠵᠦ᠂ ᠰᠠᠭᠤᠭᠠᠯᠢ ᠠᠷᠠᠳ ᠨᠤᠮ ᠤᠩᠰᠢᠬᠤ ᠪᠤᠶᠤ ᠺᠣᠳ᠋ ᠰᠢᠷᠪᠢᠨ ᠦᠵᠡᠵᠦ ᠪᠠᠶᠢᠪᠠ ᠃ | ᠡᠩᠬᠡ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠠᠩ ᠯᠠᠨ ᡁᠢ ᠰᠤᠷᠪᠤᠯᠵᠢᠯᠠᠭᠴᠢ ᠳᠤ᠄ ︽ᠨᠡᠶᠢᠭᠡᠮ ᠲᠣᠭᠤᠷᠢᠭ ᠠᠴᠠ ᠨᠣᠮ ᠤᠨ ᠰᠠᠩ ᠢ ᠮᠠᠨ ᠤ | ᠭᠡᠷ ᠤᠨ ᠡᠭᠦᠳᠡᠨ ᠳᠤ ᠪᠠᠶᠢᠭᠤᠯᠵᠤ᠂ ᠪᠢᠳᠠ ᠨᠣᠮ ᠦᠵᠡᠵᠦ ᠪᠠᠷᠠᠭᠰᠠᠨ ᠤ ᠲᠠᠷᠠᠭ᠎ᠠ ᠪᠠᠰᠠ ᠵᠢᠷᠤᠭ ᠵᠢᠷᠤᠵᠤ᠂ ᠤᠷᠠᠨ ᠪᠢᠴᠢᠯᠭᠡ ᠪᠢᠴᠢᠵᠦ ᠪᠤᠯᠬᠤ ᠮᠦᠷᠳᠡᠬᠡᠨ | ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠪᠣᠯᠪᠠᠯ ᠣᠮᠪᠣᠯᠣ᠂ ᠵᠢᠭᠡ ᠣᠮᠪᠣᠯᠣ ᠪᠠᠨ ᠳᠠᠭᠠᠭᠤᠯᠤᠨ ᠨᠣᠮ ᠦᠵᠡᠵᠦ᠂ ᠨᠣᠮ ᠤᠩᠰᠢᠬᠤ ᠪᠠᠶᠠᠷ ᠪᠠᠶᠠᠰᠤᠯ ᠢ ᠡᠳ᠋ᠯᠡᠵᠦ | ᠪᠣᠯᠤᠨ᠎ᠠ︾ ᠬᠡᠵᠦ ᠪᠠᠶᠠᠷᠳᠠᠶᠢᠬᠠᠨ ᠶᠠᠷᠢᠨ᠎ᠠ᠃ | ᠣᠶᠢᠯᠠᠭᠠᠭᠰᠠᠨ ᠢᠶᠠᠷ᠂ ᠪᠥᠬᠦ ᠠᠷᠠᠳ ᠤᠨ ᠤᠩᠰᠢᠯᠭ᠎ᠠ ᠶᠢᠨ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠶᠢᠨ ᠲᠥᠯᠥᠭᠡ᠂ ᠮᠠᠨ ᠤ ᠬᠤᠰᠢᠭᠤ | ᠨᠡᠶᠢᠭᠡᠮ ᠲᠣᠭᠤᠷᠢᠭ ᠤᠨ ᠰᠠᠭᠤᠷᠢᠨ ᠭᠠᠵᠠᠷ ᠢ ᠬᠦᠢᠴᠡᠳ ᠠᠰᠢᠭᠯᠠᠨ᠂ ᠨᠡᠶᠢᠭᠡᠮ ᠲᠣᠭᠤᠷᠢᠭ ᠤᠨ ᠨᠣᠮ ᠤᠨ ᠰᠠᠩ ᠢ ᠨᠡᠶᠢᠲᠡ 16 ᠪᠠᠶᠢᠭᠤᠯᠤᠭᠰᠠᠨ ᠤ ᠬᠠᠮᠲᠤ᠂ | ᠲᠠᠯ᠎ᠠ ᠨᠤᠲᠤᠭ ᠤᠨ ᠨᠣᠮ ᠤᠨ ᠥᠷᠥᠭᠡ ᠪᠠᠷ ᠵᠠᠭᠤᠴᠢ ᠪᠣᠯᠭᠠᠨ᠂ ᠪᠠᠶᠠᠯᠢᠭ ᠰᠠᠶᠢᠬᠠᠨ᠂ ᠬᠡᠯᠪᠡᠷᠢ ᠮᠠᠶ᠋ᠢᠭ ᠨᠢ ᠣᠯᠠᠨ ᠶᠠᠩᠵᠤ ᠪᠦᠬᠦᠢ ᠤᠩᠰᠢᠯᠭ᠎ᠠ ᠶᠢᠨ | ᠠᠵᠢᠯᠯᠠᠭ᠎ᠠ ᠶᠢ ᠢᠳᠡᠪᠬᠢᠲᠡᠶ ᠦᠷᠨᠢᠬᠦᠯᠦᠭᠰᠡᠨ ᠪᠠᠶᠢᠨ᠎ᠠ᠃ ᠡᠭᠦᠨ ᠠᠴᠠ ᠭᠠᠳᠠᠨ᠎ᠠ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠲᠣᠭᠠᠴᠢᠯᠠᠭᠰᠠᠨ ᠠᠬᠢᠴᠠ ᠶᠢ | ᠲᠦᠷᠭᠡᠳᠬᠡᠨ ᠠᠬᠢᠭᠤᠯᠵᠤ᠂ ᠵᠢᠯ ᠪᠦᠷᠢ ᠶᠢᠨ ︽4·23 ᠤ ᠳᠡᠯᠡᠬᠡᠶ ᠶᠢᠨ ᠨᠣᠮ ᠤᠩᠰᠢᠬᠤ ᠡᠳᠦᠷ︾ ᠤᠨ ᠬᠤᠭᠤᠴᠠᠭᠠᠨ ᠳᠤ᠂ ᠬᠤᠰᠢᠭᠤᠨ ᠤ ᠨᠣᠮ ᠤᠨ ᠰᠠᠩ | ᠲᠣᠭᠠᠴᠢᠯᠠᠭᠰᠠᠨ ᠨᠣᠮ ᠪᠢᠴᠢᠭ᠂ ᠰᠣᠨᠢᠨ ᠰᠡᠳᠬᠦᠯ᠂ ᠲᠠᠶᠢᠯᠤᠮᠵᠢ ᠵᠡᠷᠭᠡ ᠶᠡᠭᠡ ᠬᠡᠮᠵᠢᠶᠡᠨ ᠤ ᠲᠣᠭᠠᠴᠢᠯᠠᠭᠰᠠᠨ ᠡᠬᠢ ᠪᠠᠶᠠᠯᠢᠭ ᠢ ᠬᠤᠳᠠᠯᠳᠤᠨ ᠠᠪᠴᠤ᠂ ᠪᠥᠬᠦ | ᠬᠤᠰᠢᠭᠤᠨ ᠤ 132 ᠲᠠᠯ᠎ᠠ ᠨᠤᠲᠤᠭ ᠤᠨ ᠨᠣᠮ ᠤᠨ ᠥᠷᠥᠭᠡ ᠳᠤ ᠦᠨ᠎ᠡ ᠲᠥᠯᠥᠪᠦᠷᠢ ᠥᠬᠡᠶ ᠪᠠᠷ ᠬᠠᠩᠭᠠᠨ ᠦᠭᠴᠦ ᠂ 2021 ᠣᠨ ᠤ ᠰᠡᠬᠦᠯᠴᠢ ᠪᠣᠯᠲᠠᠯ᠎ᠠ | ᠂ ᠤᠩᠰᠢᠵᠤ ᠦᠵᠡᠭᠰᠡᠨ ᠬᠡᠮᠵᠢᠶ᠎ᠡ ᠨᠢ 4 ᠲᠦᠮᠡ ᠭᠠᠷᠤᠶ ᠬᠥᠮᠦᠨ ᠤᠳᠠᠭ᠎ᠠ ᠳᠤ ᠬᠦᠷᠴᠡᠶ᠃ | ︽ᠲᠠᠯ᠎ᠠ ᠨᠤᠲᠤᠭ ᠤᠨ ᠨᠣᠮ ᠤᠨ ᠥᠷᠥᠭᠡ ᠶᠢ ᠪᠠᠭᠤᠯᠭᠠᠭᠰᠠᠨ ᠤ ᠳᠠᠷᠠᠭ᠎ᠠ᠂ ᠬᠡᠵᠢᠶ᠎ᠡ ᠴᠦ ᠬᠡᠰᠡᠨ ᠭᠠᠷ ᠤᠲᠠᠰᠤᠨ ᠳᠡᠭᠡᠷ᠎ᠡ ᠨᠣᠮ ᠦᠵᠡᠵᠦ᠂ ᠮᠠᠲ᠋ᠧᠷᠢᠶᠠᠯ | ᠡᠷᠢᠵᠦ ᠪᠤᠯᠤᠨ᠎ᠠ᠂ ᠪᠢᠳᠡᠨ ᠳᠤ ᠮᠠᠰᠢ ᠶᠡᠭᠡ ᠲᠥᠬᠦᠮ ᠦᠵᠡᠬᠦᠯᠤᠯᠠ︾ ᠭᠡᠵᠦ ᠴᠧ ᠵᠢᠶᠠ ᠴᠢᠦᠶ ᠲᠣᠰᠬᠤᠨ ᠤ ᠠᠷᠠᠳ ᠪᠠᠶ ᠰᠢᠤᠸᠠᠢ ᠹᠸᠡᠭ ᠪᠠᠶᠠᠷᠲᠠᠶ ᠬᠡᠯᠡᠨ᠎ᠡ᠃ | ᠪᠥᠬᠦ ᠠᠷᠠᠳ ᠢᠶᠠᠷ ᠢᠶᠠᠨ ᠨᠣᠮ ᠤᠩᠰᠢᠬᠤ ᠪᠣᠯ ᠪᠣᠯᠪᠠᠰᠤᠨ ᠬᠤᠲᠠ ᠶᠢ ᠴᠣᠭᠴᠠᠯᠠᠬᠤ ᠶᠢᠨ ᠰᠠᠭᠤᠷᠢ ᠮᠥᠨ᠂ 2018 ᠣᠨ ᠠᠴᠠ ᠡᠬᠢᠯᠡᠨ᠂ ᠮᠠᠨ ᠤ | ᠬᠤᠰᠢᠭᠤ ᠬᠠᠪᠤᠷ ᠤᠨ ᠨᠣᠮ ᠤᠩᠰᠢᠬᠤ ᠤᠯᠠᠷᠢᠯ᠂ ᠵᠤᠰᠠᠯᠠᠩᠳᠤ ᠰᠣᠶᠣᠯ ᠤᠨ ᠤᠯᠠᠷᠢᠯ᠂ ᠨᠠᠮᠤᠷ ᠤᠨ ᠪᠤᠷᠤ ᠮᠠᠲ᠋ᠧᠷᠢᠶᠠᠯ ᠴᠤᠬᠯᠠᠭᠤᠯᠬᠤ ᠤᠯᠠᠷᠢᠯ᠂ ᠭᠤᠯᠤᠮᠳᠠ | ᠭᠠᠯ ᠤᠨ ᠰᠣᠶᠣᠯ ᠤᠨ ᠤᠯᠠᠷᠢᠯ ︽ᠳᠥᠷᠪᠡᠨ ᠤᠯᠠᠷᠢᠯ ᠤᠨ ᠰᠣᠶᠣᠯ︾ ᠤᠨ ᠦᠢᠯᠡᠴᠢᠯᠡᠭᠡᠨ ᠤ ᠲᠦᠷᠦᠯ ᠲᠡᠮᠳᠡᠭᠲᠦ ᠶᠢ ᠡᠬᠢᠯᠡᠭᠦᠯᠵᠦ᠂ ᠡᠯ᠎ᠡ ᠲᠥᠷᠥᠯ ᠤᠨ ᠲᠤᠰᠬᠠᠶ | ᠮᠡᠷᠭᠡᠵᠢᠯᠲᠡᠨ᠂ ᠡᠷᠳᠡᠮᠲᠡᠳ ᠢ ᠤᠷᠢᠵᠤ ᠨᠠᠮ ᠤᠨ ᠲᠡᠦᠬᠡ᠂ ᠰᠢᠯᠢᠳᠡᠭ ᠤᠯᠠᠮᠵᠢᠯᠠᠯᠲᠤ ᠰᠣᠶᠣᠯ᠂ ᠣᠷᠣᠨ ᠨᠤᠲᠤᠭ ᠤᠨ ᠰᠣᠶᠣᠯ᠂ ᠰᠤᠷᠭᠠᠨ ᠬᠥᠮᠦᠵᠢᠯ ᠵᠡᠷᠭᠡ ᠪᠠᠷ | ᠭᠤᠤᠯ ᠰᠡᠳᠦᠪ ᠪᠣᠯᠭᠠᠨ᠂ ᠰᠠᠷ᠎ᠠ ᠪᠦᠷᠢ ᠨᠢᠭᠡ ᠤᠳᠠᠭᠠᠨ ᠤ ᠲᠡᠭᠷᠢᠯᠢᠭ ᠰᠣᠶᠣᠯ ᠤᠨ ᠬᠢᠴᠢᠶᠡᠯ ᠲᠠᠶᠢᠯᠤᠮᠵᠢ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠦᠷᠨᠢᠬᠦᠯᠦᠭᠰᠡᠨ ᠪᠠᠶᠢᠨ᠎ᠠ᠃ ᠡᠬᠦᠨ ᠤ ᠬᠠᠮᠳᠤ ᠂ ︽ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠨ ᠬᠠᠮᠲᠤᠪᠠᠷ ᠤᠩᠰᠢᠬᠤ︾ ᠪᠠᠷ ᠭᠤᠣᠯ ᠰᠡᠳᠦᠪ ᠪᠣᠯᠭᠠᠨ᠂ ᠡᠯ᠎ᠡ | ᠵᠠᠰᠠᠭ ᠵᠠᠬᠢᠷᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢ ᠤᠷᠢᠵᠤ᠂ ᠠᠳᠠᠯᠢ ᠪᠤᠰᠤ ᠬᠡᠯᠪᠡᠷᠢ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ | ᠬᠤᠪᠢᠰᠬᠠᠯ ᠤᠨ ᠰᠣᠩᠭᠤᠳᠠᠭ ᠨᠣᠮ ᠤᠩᠰᠢᠬᠤ ᠵᠡᠷᠭᠡ ᠣᠯᠠᠨ ᠬᠡᠯᠪᠡᠷᠢ ᠮᠠᠶ᠋ᠢᠭ ᠤᠨ ᠪᠦᠬᠦ ᠠᠷᠠᠳ ᠤᠨ ᠨᠣᠮ ᠤᠩᠰᠢᠬᠤ ᠶᠢ ᠲᠦᠬᠡᠮᠡᠯᠵᠢᠬᠦᠯᠬᠦ ᠠᠵᠢᠯᠯᠠᠭ᠎ᠠ ᠶᠢ | ᠥᠷᠨᠢᠭᠦᠯᠵᠦ᠂ ᠪᠦᠬᠦ ᠬᠤᠰᠢᠭᠤᠨ ᠳᠤ ︽ᠨᠣᠮ ᠤᠩᠰᠢᠬᠤ ᠳᠤᠷᠠᠲᠠᠢ᠂ ᠰᠢᠷᠭᠠᠭᠤ ᠪᠠᠷ ᠨᠣᠮ ᠤᠩᠰᠢᠬᠤ᠂ ᠰᠠᠶᠢᠨ ᠨᠣᠮ ᠤᠩᠰᠢᠬᠤ᠂ ᠨᠣᠮ ᠤᠩᠰᠢᠬᠤ ᠳᠤ ᠪᠠᠨ | ᠴᠢᠳᠠᠮᠠᠭᠠᠢ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠰᠠᠨ ᠪᠠᠶᠢᠨ᠎ᠠ᠃ | ᠡᠭᠦᠨ ᠠᠴᠠ ᠭᠠᠳᠠᠨ᠎ᠠ᠂ ᠬᠤᠰᠢᠭᠤᠨ ᠤ ᠨᠣᠮ ᠤᠨ ᠰᠠᠩ ᠤᠨ ᠸᠢᠴᠠᠲ ᠤᠨ ᠣᠯᠠᠨ ᠨᠡᠶᠢᠲᠡ ᠶᠢᠨ ᠲᠠᠪᠴᠠᠩ ᠢᠶᠠᠷ ᠪᠥᠬᠦ ᠵᠢᠯ ᠳᠤ ᠨᠠᠮ ᠤᠨ ᠲᠡᠦᠬᠡ᠂ | ᠤᠯᠠᠮᠵᠢᠯᠠᠯᠲᠤ ᠰᠣᠶᠣᠯ᠂ ᠤᠷᠭᠤᠮᠠᠯ ᠤᠨ ᠶᠢᠷᠲᠢᠨᠴᠦ᠂ ᠢᠲᠡᠭᠡᠯ ᠪᠢᠰᠢᠷᠡᠯ ᠤᠨ ᠬᠦᠴᠦᠨ᠂ ᠳᠤᠮᠳᠠᠳᠤ ᠤᠯᠤᠰ ᠤᠨ ᠰᠠᠨᠰᠠᠷ ᠤᠨ ᠠᠶᠠᠯᠠᠯ᠂ ᠲᠡᠦᠬᠡ ᠶᠢᠨ | ᠳᠤᠷᠠᠰᠬᠠᠯᠲᠤ ᠵᠦᠢᠯᠡᠰ ᠵᠡᠷᠭᠡ ᠪᠠᠷ ᠰᠡᠳᠦᠪᠯᠡᠭᠰᠡᠨ ᠰᠦᠯᠵᠢᠶᠡᠨ ᠳᠡᠭᠡᠷᠡᠬᠢ ᠦᠵᠡᠭᠦᠯᠦᠯᠭᠡ ᠵᠢᠴᠢ ︽ ᠨᠤᠮ ᠤᠨ ᠰᠤᠷᠪᠤᠯᠵᠢᠲᠤ ᠡᠵᠡᠨ ᠬᠤᠷᠤᠭ᠎ᠠ᠂ ᠨᠣᠮ | ᠰᠤᠳᠤᠷ ᠢ ᠬᠠᠮᠲᠤ ᠪᠠᠷ ᠡᠳ᠋ᠯᠡᠬᠦ︾᠂ ᠲᠢᠶᠠᠨ ᠵᠢᠶᠤᠤ ᠤᠩᠰᠢᠯᠭ᠎ᠠ ᠶᠢᠨ ᠬᠢᠴᠢᠶᠡᠯ ᠤᠨ ᠲᠠᠩᠬᠢᠮ ᠵᠡᠷᠭᠡ ᠠᠵᠢᠯᠯᠠᠭ᠎ᠠ ᠥᠷᠨᠢᠭᠦᠯᠵᠦ᠂ ᠨᠡᠩ ᠣᠯᠠᠨ ᠬᠦᠮᠤᠰ ᠢ ᠪᠦᠬᠦ | ᠠᠷᠠᠳ ᠢᠶᠠᠷ ᠢᠶᠠᠨ ᠨᠣᠮ ᠤᠩᠰᠢᠬᠤ ᠳᠤ ᠣᠷᠣᠯᠴᠠᠭᠤᠯᠬᠤ ᠶᠢ ᠲᠠᠳᠠᠪᠠ᠃ | ᠣᠳᠣᠬᠠᠨ ᠪᠣᠯᠲᠠᠯ᠎ᠠ᠂ ᠮᠠᠨ ᠤ ᠬᠤᠰᠢᠭᠤ ᠵᠢᠯ ᠪᠦᠷᠢ ᠡᠯ᠎ᠡ ᠲᠥᠷᠥᠯ ᠤᠨ ᠨᠣᠮ ᠤᠩᠰᠢᠬᠤ ᠠᠵᠢᠯᠯᠠᠭ᠎ᠠ ᠶᠢ 100 ᠭᠠᠷᠤᠶ ᠤᠳᠠᠭ᠎ᠠ ᠥᠷᠨᠢᠭᠦᠯᠵᠦ᠂ | ᠣᠷᠣᠯᠴᠠᠭᠰᠠᠨ ᠬᠥᠮᠦᠨ ᠤ ᠲᠤᠭ᠎ᠠ 6 ᠲᠦᠮᠡ ᠭᠠᠷᠤᠶ ᠬᠥᠮᠦᠨ ᠤᠳᠠᠭ᠎ᠠ ᠳᠤ ᠬᠦᠷᠴᠦ᠂ ᠪᠥᠬᠦ ᠠᠷᠠᠳ ᠤᠨ ᠨᠣᠮ ᠤᠩᠰᠢᠬᠤ ᠨᠢ ᠨᠢᠭᠡᠨᠲᠡ ᠡᠨᠡ ᠬᠦ ᠵᠢᠵᠢᠭ | ᠬᠤᠲᠠ ᠶᠢᠨ ᠰᠣᠶᠣᠯ ᠤᠨ ᠦᠵᠡᠮᠵᠢ ᠪᠣᠯᠤᠭᠰᠠᠨ ᠪᠠᠶᠢᠨ᠎ᠠ᠃ | | | | | | | |