ᠮᠠᠨ ᠤ ᠬᠤᠰᠢᠭᠤ ᠵᠡᠮᠳᠡᠭᠴᠦᠳ ᠤᠨ ᠰᠠᠶᠢᠨ ᠠᠵᠢᠯ ᠣᠯᠭᠤᠯᠲᠠ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2022/10/31
     ᠵᠡᠮᠳᠡᠭᠴᠦᠳ ᠲᠤ ᠠᠵᠢᠯ ᠣᠯᠭᠤᠬᠤ ᠠᠷᠭ᠎ᠠ ᠵᠠᠮ ᠢ ᠥᠷᠭᠡᠳᠬᠡᠵᠦ᠂ ᠵᠡᠮᠳᠡᠭᠴᠦᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠲᠦᠪᠰᠢᠨ ᠢ ᠲᠡᠭᠡᠭᠰᠢᠯᠡᠬᠦᠯᠦᠨ᠂ ᠵᠡᠮᠳᠡᠭᠴᠦᠳ ᠤᠨ ᠠᠵᠢᠯ ᠤᠯᠬᠤ ᠪᠠ ᠪᠡᠶ᠎ᠡ ᠪᠠᠨ ᠳᠠᠭᠠᠭᠠᠵᠤ ᠦᠢᠯᠡᠰ ᠴᠣᠭᠴᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂  ᠤᠶᠢᠷ᠎ᠠ ᠳᠤ᠂ ᠮᠠᠨ ᠤ ᠬᠤᠰᠢᠭᠤᠨ ᠳᠤ ᠵᠡᠮᠳᠡᠭᠴᠦᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠥᠷᠨᠢᠭᠦᠯᠪᠡ᠃       ᠬᠤᠰᠢᠭᠤᠨ ᠤ ᠵᠡᠮᠳᠡᠭᠴᠦᠳ ᠤᠨ ᠲᠤᠰᠠᠯᠠᠬᠤ ᠴᠢᠨᠠᠷᠲᠠᠶ ᠠᠵᠢᠯ ᠣᠯᠭᠤᠯᠲᠠ ᠶᠢᠨ ᠰᠠᠭᠤᠷᠢᠨ ᠭᠠᠵᠠᠷ ᠤᠨ ᠤᠷ᠎ᠠ ᠴᠢᠳᠠᠪᠤᠷᠢ ᠶᠢᠨ ᠪᠤᠯᠪᠠᠰᠤᠷᠠᠯ ᠳᠤ 15 ᠨᠡᠷ᠎ᠡ ᠤᠷᠤᠯᠴᠠᠬᠴᠢ ᠪᠠᠭᠰᠢ ᠶᠢᠨ ᠲᠠᠶᠢᠯᠤᠮᠵᠢ ᠶᠢ ᠨᠠᠷᠢᠨ ᠬᠢᠨᠠᠮᠠᠭᠠᠶ ᠰᠤᠨᠤᠰᠴᠤ᠂ ᠳᠠᠭᠤᠷᠢᠶᠠᠮᠠᠯ ᠪᠣᠯᠪᠠᠰᠤᠷᠠᠯ ᠪᠠ ᠦᠨᠡᠨ ᠬᠥᠮᠦᠨ ᠢ ᠭᠤᠶᠣᠯᠠᠬᠤ ᠦᠢᠯᠡᠳᠦᠯᠭᠡ ᠶᠢᠨ ᠬᠢᠴᠢᠶᠡᠯ ᠤᠷᠤᠵᠤ ᠪᠠᠶᠢᠪᠠ᠃      ᠵᠢᠰᠦ ᠭᠤᠶᠣᠯᠠᠬᠤ ᠶᠢ ᠰᠤᠷᠴᠤ ᠪᠠᠶᠢᠭ᠎ᠠ ᠬᠤᠸᠠᠩ ᠮᠧᠢ ᠰᠤᠷᠪᠤᠯᠵᠢᠯᠠᠬᠴᠢ ᠳᠤ᠄ ︽ᠡᠨᠡ ᠬᠡᠳᠦᠨ ᠡᠳᠦᠷ ᠤᠨ ᠰᠤᠷᠤᠯᠴᠠᠯᠭ᠎ᠠ ᠶᠢᠨ ᠣᠯᠤᠯᠲᠠ ᠮᠠᠰᠢ ᠶᠡᠭᠡ᠂ ᠬᠢᠮᠤᠰᠤ ᠵᠠᠰᠠᠬᠤ ᠠᠴᠠ ᠵᠢᠰᠦ ᠭᠤᠶᠣᠯᠠᠬᠤ ᠬᠦᠷᠲᠡᠯ᠎ᠡ ᠴᠦᠮ ᠰᠤᠷᠴᠤ᠂ ᠶᠠᠩᠵᠦ ᠶᠢ ᠨᠢ ᠶᠡᠭᠡ ᠲᠦᠯᠦᠪ ᠵᠢᠷᠤᠵᠤ ᠴᠢᠳᠠᠵᠤ ᠪᠠᠶᠢᠭᠰᠠᠨ ᠠᠴᠠ ᠨᠠᠷᠢᠯᠢᠭ ᠵᠢᠷᠦᠵᠦ ᠴᠢᠳᠠᠬᠤ ᠪᠤᠯᠵᠦ᠂ ᠵᠡᠮᠳᠡᠭᠴᠦᠳ ᠤᠨ ᠬᠤᠯᠪᠤᠭᠠᠳᠤ ᠬᠤᠷᠠᠯ ᠠᠴᠠ ᠪᠢᠳᠠᠨ ᠳᠤ ᠡᠨᠡ ᠬᠦ ᠰᠤᠷᠤᠯᠴᠠᠬᠤ ᠲᠠᠪᠴᠠᠩ ᠢ ᠬᠠᠩᠭᠠᠭᠰᠠᠨ ᠳᠤ ᠮᠠᠰᠢ ᠲᠠᠯᠠᠷᠬᠠᠵᠤ ᠪᠠᠶᠢᠨ᠎ᠠ᠂ ᠪᠢᠳᠡᠨ ᠤ ᠠᠮᠢᠳᠤᠷᠠᠯ ᠢ ᠨᠡᠩ ᠰᠠᠶᠢᠨ ᠪᠣᠯᠭᠠᠵᠠᠢ︾  ᠭᠡᠪᠡ᠃     2021 ᠣᠨ ᠠᠴᠠ ᠨᠠᠰᠢ᠂ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠨᠢ ᠨᠡᠶᠢᠲᠡ 178 ᠵᠡᠮᠳᠡᠭᠴᠦᠳ ᠢ ᠵᠣᠬᠢᠶᠠᠨ ᠪᠠᠶᠢᠭᠤᠯᠤᠨ ᠪᠤᠯᠪᠠᠰᠤᠷᠠᠯ ᠬᠢᠵᠦ᠂ ᠬᠤᠲᠠ ᠬᠥᠳᠡᠭᠡ ᠶᠢᠨ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠵᠤ ᠠᠵᠢᠯ ᠣᠯᠤᠭᠰᠠᠨ 43 ᠡᠷᠦᠬᠡ ᠶᠢ ᠲᠡᠳᠬᠦᠨ ᠳᠡᠮᠵᠢᠵᠦ᠂ 24 ᠵᠡᠮᠳᠡᠭᠴᠦᠳ ᠲᠤ ᠠᠵᠢᠯ ᠣᠯᠭᠤᠪᠠ᠃  ᠲᠤᠰ ᠤᠳᠠᠭᠠᠨ ᠤ ᠵᠡᠮᠳᠡᠭᠴᠦᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ  ᠪᠤᠯᠪᠠᠰᠤᠷᠠᠯ ᠳᠤ᠂ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠰᠤᠷᠤᠭᠴᠢᠳ ᠲᠤ ᠰᠦᠢᠳᠬᠡᠯ ᠬᠤᠷᠢᠶᠠᠬᠤ ᠥᠬᠡᠶ ᠪᠠᠷ ᠬᠤᠨᠤᠵᠤ ᠠᠮᠠᠷᠠᠬᠤ ᠢᠳᠡᠵᠦ ᠤᠤᠭᠤᠬᠤ ᠭᠠᠵᠠᠷ ᠢ ᠬᠠᠩᠭᠠᠭᠰᠠᠨ ᠢᠶᠠᠷ ᠪᠠᠷᠠᠬᠤ ᠥᠬᠡᠶ᠂ ᠪᠠᠰᠠ ᠪᠤᠯᠪᠠᠰᠤᠷᠠᠯ ᠤᠨ ᠪᠠᠶᠢᠭᠤᠯᠤᠮᠵᠢ ᠳᠤ ᠨᠠᠶᠢᠳᠠᠵᠤ ᠲᠤᠰᠬᠠᠶ ᠮᠡᠷᠭᠡᠵᠢᠯ ᠤᠨ ᠪᠠᠭᠰᠢ ᠶᠢ ᠤᠷᠢᠨ ᠬᠢᠴᠢᠶᠡᠯ ᠣᠷᠣᠭᠤᠯᠵᠤ᠂ ᠰᠤᠷᠤᠭᠴᠢᠳ ᠲᠤ ᠬᠢᠮᠤᠰᠤ ᠵᠠᠰᠠᠬᠤ ᠪᠠ ᠵᠢᠰᠦ ᠭᠤᠶᠤᠯᠠᠬᠤ ᠤᠷ᠎ᠠ ᠴᠢᠳᠠᠪᠤᠷᠢ ᠶᠢ ᠯᠠᠪᠳᠠᠭᠤᠨ ᠪᠠᠲᠤᠲᠠᠶ ᠡᠵᠡᠮᠰᠢᠭᠦᠯᠵᠦ᠂ ᠦᠨᠡᠨ ᠬᠦ᠋‍ ᠨᠢᠭᠡ ᠵᠦᠢᠯ ᠤᠨ ᠤᠷ᠎ᠠ ᠮᠡᠷᠭᠡᠵᠢᠯ ᠢ ᠡᠵᠡᠮᠰᠢᠬᠦᠯᠤᠨ᠂ ᠵᠡᠮᠳᠡᠭᠴᠦᠳ ᠢ ᠬᠠᠪᠰᠤᠷᠤᠨ ᠠᠵᠢᠯ ᠤᠯᠭᠤᠬᠤ ᠪᠠ ᠦᠢᠯᠡᠰ ᠴᠣᠭᠴᠠᠯᠠᠬᠤ ᠶᠢ ᠨᠠᠩ ᠰᠠᠶᠢᠲᠤᠷ ᠪᠡᠶᠡᠯᠡᠭᠦᠯᠪᠡ᠃      ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠤᠳ ᠲᠤ ᠮᠠᠨ ᠤ ᠬᠤᠰᠢᠭᠤ ᠪᠥᠬᠦ ᠬᠤᠰᠢᠭᠤᠨ ᠤ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠪᠠ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠢᠳᠡᠪᠬᠢᠲᠡᠶ ᠳᠥᠯᠭᠢᠨ ᠠᠬᠢᠭᠤᠯᠵᠤ᠂ ᠬᠥᠮᠦᠯᠢᠭ ᠦᠵᠡᠯ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠵᠡᠮᠳᠡᠭᠴᠦᠳ ᠢ ᠲᠡᠳᠬᠦᠨ ᠲᠤᠰᠠᠯᠠᠬᠤ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠰᠠᠨᠠᠭᠠᠴᠢᠯᠠᠵᠤ᠂ ᠵᠡᠮᠳᠡᠭᠴᠦᠳ ᠤᠨ《ᠰᠠᠶᠢᠨ ᠠᠵᠢᠯ ᠣᠯᠭᠤᠯᠲᠠ︾᠎ ᠳᠤ ᠬᠦᠴᠦᠨ ᠨᠡᠮᠡᠷᠢᠯᠡᠵᠦ ᠪᠠᠶᠢᠨ᠎ᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ