ᠡᠵᠡᠨ ᠬᠤᠷᠤᠭ᠎ᠠ ᠬᠤᠰᠢᠭᠤ ᠡᠨᠧᠷᠭᠢ ᠶᠢᠨ ᠬᠥᠭᠵᠢᠯᠲᠡ ᠶᠢ ᠲᠦᠷᠭᠡᠳᠬᠡᠵᠦ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠵᠤ ᠡᠨᠧᠷᠭᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2022/11/10
      ᠨᠢᠭᠡ ᠳᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠲᠦᠷᠭᠡᠨ ᠢᠶᠠᠷ ᠨᠡᠮᠡᠭᠳᠡᠪᠡ᠃ ᠵᠢᠯ ᠤᠨ ᠳᠣᠲᠣᠷ᠎ᠠ ᠨᠡᠶᠢᠲᠡ 82 . 3 ᠲᠦᠮᠡᠨ ᠬᠢᠯᠦᠸᠠᠲ ᠤᠨ ᠰᠢᠨ᠎ᠡ ᠡᠨᠧᠷᠭᠢ ᠶᠢᠨ ᠭᠦᠢᠴᠡᠳᠬᠡᠯ ᠲᠤᠭ᠎ᠠ ︵ᠳᠠᠩ ᠨᠡᠭᠦᠷᠡᠰᠦᠲᠥ᠋ᠷᠥᠭᠴᠢᠲᠦ ᠠᠵᠤ ᠦᠢᠯᠡᠰ ᠤᠨ ᠬᠦᠷᠢᠶᠡᠯᠡᠩ ᠤᠨ 50 ᠲᠦᠮᠡᠨ ᠬᠢᠯᠦᠸᠠᠲ ᠤᠨ ᠰᠠᠯᠬᠢ ᠭᠡᠷᠡᠯᠴᠢ ᠴᠡᠨᠡᠭ ᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠥᠷᠥᠯ ᠵᠦᠢᠯ᠂ 26 ᠲᠦᠮᠡᠨ ᠬᠢᠯᠦᠸᠠᠲ ᠤᠨ ᠭᠡᠷᠡᠯᠴᠢ ᠴᠡᠨᠡᠭ ᠢᠶᠠᠷ ᠤᠰᠤᠲᠥ᠋ᠷᠥᠭᠴᠢ ᠦᠢᠯᠡᠳᠬᠦ ᠲᠥᠷᠥᠯ ᠵᠦᠢᠯ᠂ 3.3 ᠲᠦᠮᠡᠨ ᠬᠢᠯᠦᠸᠠᠲ ᠤᠨ ᠲᠠᠷᠬᠠᠯᠲᠠ ᠶᠢᠨ ᠬᠡᠯᠪᠡᠷᠢ ᠶᠢᠨ ᠭᠡᠷᠡᠯᠴᠢ ᠴᠡᠨᠡᠭ᠂ 3 ᠲᠦᠮᠡᠨ ᠬᠢᠯᠦᠸᠠᠲ ᠤᠨ ᠲᠠᠷᠠᠬᠠᠢ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ︶ ᠵᠥᠪᠰᠢᠶᠡᠷᠡᠯ ᠣᠯᠵᠤ᠂ ᠶᠠᠭ ᠰᠠᠶᠢᠬᠠᠨ ᠵᠠᠬ᠎ᠠ ᠳᠡᠯᠭᠡᠭᠦᠷᠴᠢᠯᠡᠨ ᠲᠣᠣᠷ ᠲᠤ ᠨᠡᠶᠢᠯᠡᠭᠦᠯᠬᠦ ᠲᠥᠷᠥᠯ ᠵᠦᠢᠯ ᠢ 40 ᠲᠦᠮᠡᠨ ᠬᠢᠯᠦᠸᠠᠲ ᠭᠤᠶᠤᠴᠢᠯᠠᠨ ᠮᠡᠳᠡᠭᠦᠯᠵᠦ᠂ ᠵᠢᠱᠢᠯᠲᠡ ᠪᠠᠷ ᠪᠦᠬᠦ ᠵᠢᠯ ᠳᠤ 122 ᠲᠦᠮᠡᠨ ᠬᠢᠯᠦᠸᠠᠲ ᠤᠨ ᠰᠢᠨ᠎ᠡ ᠡᠨᠧᠷᠭᠢ ᠶᠢᠨ ᠭᠦᠢᠴᠡᠳᠬᠡᠯ ᠲᠤᠭ᠎ᠠ ᠶᠢ ᠵᠥᠪᠰᠢᠶᠡᠷᠡᠭᠦᠯᠬᠦ ᠪᠠᠷ ᠪᠠᠶᠢᠨ᠎ᠠ᠃ ᠣᠳᠣᠬᠠᠨ ᠳᠤ ᠪᠠᠶᠢᠭᠤᠯᠵᠤ ᠪᠠᠶᠢᠭ᠎ᠠ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 91.3 ᠲᠦᠮᠡᠨ ᠬᠢᠯᠦᠸᠠᠲ ᠲᠤ ᠬᠦᠷᠴᠦ᠂ ᠵᠢᠱᠢᠯᠲᠡ ᠪᠠᠷ ᠵᠢᠯ ᠤᠨ ᠳᠣᠲᠣᠷ᠎ᠠ ᠲᠤᠤᠷ ᠨᠡᠶᠢᠯᠡᠭᠦᠯᠦᠨ ᠴᠠᠬᠢᠯᠭᠠᠨ ᠭᠠᠷᠭᠠᠵᠤ ᠪᠣᠯᠬᠤ 36.2 ᠲᠦᠮᠡᠨ ᠬᠢᠯᠦᠸᠠᠲ ︵ᠣᠶᠤᠨᠴᠢ ᠶᠡᠷᠦᠩᠬᠡᠶᠢᠯᠡᠭᠰᠡᠨ ᠡᠨᠧᠷᠭᠢ ᠶᠢᠨ 20 ᠲᠦᠮᠡᠨ ᠬᠢᠯᠦᠸᠠᠲ ᠤᠨ ᠰᠠᠯᠬᠢᠨ ᠬᠦᠴᠦᠨ ᠤ ᠴᠠᠬᠢᠯᠭᠠᠨ᠂ ᠪᠣᠬᠢᠷᠲᠤᠯ ᠥᠬᠡᠶ ᠠᠭᠤᠷᠬᠠᠶ ᠶᠢᠨ ᠣᠯᠠᠨ ᠠᠵᠤ  ᠦᠢᠯᠡᠰ ᠤᠨ ᠠᠭᠤᠰᠤᠯᠴᠠᠯ ᠤᠨ 15 ᠲᠦᠮᠡᠨ ᠬᠢᠯᠦᠸᠠᠲ ᠤᠨ ᠬᠡᠷᠡᠯ ᠸᠣᠯᠲ᠂ 1.2 ᠲᠦᠮᠡᠨ ᠬᠢᠯᠦᠸᠠᠲ ᠤᠨ ᠲᠠᠷᠬᠠᠯᠲᠠ ᠶᠢᠨ ᠬᠡᠯᠪᠡᠷᠢ ᠶᠢᠨ ᠬᠡᠷᠡᠯ ᠸᠣᠯᠲ ᠤᠨ ᠲᠥᠷᠥᠯ ᠵᠦᠶ᠋ᠯ︶ ᠪᠣᠯᠤᠨ᠎ᠠ᠃       ᠬᠤᠶᠠᠷ ᠲᠤ᠂ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠠᠩᠬ᠎ᠠ ᠠᠯᠬᠤᠮ ᠬᠡᠪᠴᠢᠶᠡᠵᠢᠪᠡ᠃ ᠪᠠᠷᠠᠭᠤᠨ ᠣᠷᠣᠨ ᠤ ᠠᠩᠬᠠᠳᠠᠭᠴᠢ ᠵᠠᠮ ᠬᠠᠷᠢᠯᠴᠠᠭᠠᠨ ᠤ ᠬᠦᠷᠢᠶᠡᠨ ᠳᠠᠬᠢ ᠨᠣᠭᠤᠭᠠᠨ ᠴᠠᠬᠢᠯᠭᠠᠨ ᠢᠶᠠᠷ ᠤᠰᠤᠲᠥ᠋ᠷᠥᠭᠴᠢ ᠦᠢᠯᠡᠳᠬᠦ ᠦᠢᠯᠡᠳᠪᠦᠷᠢ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠤᠬᠢᠷᠳᠤᠯ ᠦᠬᠡᠢ ᠴᠠᠬᠢᠯᠭᠠᠨ ᠢᠶᠠᠷ ᠤᠰᠤᠲᠥ᠋ᠷᠥᠭᠴᠢ ᠦᠢᠯᠡᠳᠬᠦ ᠲᠦᠷᠦᠯ ᠵᠦᠢᠯ᠂ ᠱᠧᠩ ᠶᠤᠸᠠᠨ ᠡᠨᠧᠷᠭᠢ ᠪᠠᠷ ᠤᠰᠤᠲᠥ᠋ᠷᠥᠭᠴᠢ ᠶᠢ ᠨᠡᠮᠡᠵᠦ ᠤᠰᠤᠲᠥ᠋ᠷᠥᠭᠴᠢ ᠶᠢ ᠬᠠᠳᠠᠭᠠᠯᠠᠬᠤ ᠨᠢᠭᠡ ᠴᠤᠭᠴᠠᠵᠢᠭᠤᠯᠤᠭᠰᠠᠨ ᠲᠦᠷᠦᠯ ᠵᠦᠢᠯ ᠠᠰᠢᠭᠯᠠᠯᠲᠠ ᠳᠤ ᠣᠷᠣᠵᠤ᠂ ᠡᠳᠦᠷ ᠲᠤ 3600 ᠺᠢᠯᠣᠭ᠍ᠷᠠᠮ ᠤᠰᠤᠲᠥ᠋ᠷᠥᠭᠴᠢ ᠦᠢᠯᠡᠳᠪᠦᠷᠢᠯᠡᠵᠦ ᠪᠤᠢ︔ ᠱᠧᠩ ᠶᠤᠸᠠᠨ ᠵᠧᠩ ᠨᠧᠩ ᠤᠰᠤᠲᠥ᠋ᠷᠥᠭᠴᠢ ᠨᠡᠮᠡᠬᠦ‍ ᠨᠢᠭᠡ ᠴᠤᠬᠴᠠᠵᠢᠭᠤᠯᠤᠬᠰᠠᠨ ᠲᠦᠷᠦᠯ ᠵᠦᠢᠯ᠂ ᠬᠤᠢ ᠨᠧᠩ ᠨᠡᠭᠦᠷᠡᠰᠦ ᠪᠠᠷ ᠬᠡᠢ ᠦᠢᠯᠡᠳᠬᠦ ᠰᠡᠭᠦᠯ ᠤᠨ ᠬᠡᠢ ᠶᠢ ᠴᠡᠪᠡᠷᠵᠢᠭᠦᠯᠬᠦ ᠤᠰᠤᠲᠥ᠋ᠷᠥᠭᠴᠢ ᠦᠢᠯᠡᠳᠬᠦ ᠲᠦᠷᠦᠯ ᠵᠦᠢᠯ ᠢ ᠵᠢᠱᠢᠯᠲᠡ ᠪᠠᠷ 11 ᠰᠠᠷ᠎ᠠ ᠶᠢᠨ ᠰᠡᠭᠦᠯᠴᠢ ᠪᠠᠷ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠎ᠠ᠃ ᠵᠢᠱᠢᠯᠲᠡ ᠪᠠᠷ ᠵᠢᠯ ᠤᠨ ᠡᠴᠦᠰ ᠲᠤ ᠤᠰᠤᠲᠥ᠋ᠷᠥᠭᠴᠢ ᠦᠢᠯᠡᠳᠬᠦ ᠴᠢᠳᠠᠪᠤᠷᠢ ᠨᠢ ᠵᠢᠯ ᠳᠤ 7400 ᠲᠣᠨ ᠬᠦᠷᠭᠡᠨ᠎ᠡ᠃ ᠲᠣᠭᠲᠠᠮᠠᠯ ᠤᠰᠤᠲᠥ᠋ᠷᠥᠭᠴᠢ ᠨᠡᠮᠡᠬᠦ ᠥᠷᠲᠡᠭᠡ 4᠎ ᠶᠢ ᠪᠠᠶᠢᠭᠤᠯᠵᠤ᠂ ᠤᠰᠤᠲᠥ᠋ᠷᠥᠭᠴᠢ ᠨᠡᠮᠡᠬᠦ ᠴᠢᠳᠠᠪᠤᠷᠢ ᠶᠢ ᠡᠳᠦᠷ ᠲᠤ 8000 ᠺᠢᠯᠣᠭ᠍ᠷᠠᠮ ᠬᠦᠷᠭᠡᠨ᠎ᠡ᠃ ᠪᠥᠬᠦ ᠤᠯᠤᠰ ᠲᠤ ᠡᠩ ᠲᠡᠷᠢᠭᠦᠨ ᠳᠤ 3 ᠵᠤᠷᠪᠤᠰ ︵ᠤᠯᠤᠰ ᠤᠨ ᠴᠠᠬᠢᠯᠭᠠᠨ ᠬᠦᠴᠦᠨ ᠠᠴᠠ ᠱᠧᠩ ᠶᠤᠸᠠᠨ ᠪᠠᠳᠤ ᠶᠢᠨ ᠲᠤᠬᠤᠢ ᠲᠥᠪᠯᠡᠷᠡᠭᠦᠯᠦᠨ ᠲᠡᠭᠡᠭᠡᠪᠦᠷᠢᠯᠡᠬᠦ ᠥᠷᠲᠡᠭᠡ ᠶᠢᠨ ᠳᠤᠤᠷᠠᠳᠤ ᠤᠷᠤᠰᠬᠠᠯ ᠤᠨ ᠬᠡᠷᠡᠭᠯᠡᠭᠴᠢ ᠬᠦᠷᠬᠦ᠂ ᠥᠯᠥᠩᠲᠦ ᠨᠡᠭᠦᠷᠡᠰᠦᠨ ᠠᠭᠤᠷᠬᠠᠶ ᠠᠴᠠ ᠬᠤᠶ ᠨᠧᠩ ᠨᠡᠭᠦᠷᠡᠰᠦ ᠪᠠᠷ ᠬᠡᠶ ᠦᠢᠯᠡᠳᠬᠦ ᠲᠥᠷᠥᠯ ᠵᠦᠢᠯ᠂ ᠮᠧᠩ ᠲᠠᠢ ᠮᠠᠶᠢᠯ ᠤᠨ ᠰᠢᠯᠢ ᠬᠦᠷᠬᠦ᠂ ᠳ᠋ᠠ ᠳ᠋ᠢ ᠵᠢᠩ᠂ ᠤᠯᠠᠭᠠᠨ ᠮᠠᠶᠢᠯ ᠤᠨ ᠰᠢᠯᠢ ᠠᠴᠠ ᠵᠧᠩ ᠨᠧᠩ ᠨᠡᠭᠦᠷᠡᠰᠦ ᠬᠢᠮᠢ ᠶᠢᠨ ᠠᠵᠤ ᠦᠶ᠋ᠯᠡᠳᠪᠦᠷᠢ ᠬᠥᠷᠬᠦ︶ ᠠᠭᠤᠷᠬᠠᠶ ᠶᠢᠨ ᠣᠷᠣᠨ ᠳᠤ ᠰᠢᠨ᠎ᠡ ᠡᠨᠧᠷᠭᠢ ᠶᠢᠨ ᠨᠡᠭᠦᠷᠡᠰᠦ ᠲᠡᠭᠡᠭᠡᠪᠦᠷᠢᠯᠡᠬᠦ ᠲᠤᠰᠬᠠᠶ ᠱᠤᠭᠤᠮ ᠢ ᠨᠡᠪᠲᠡᠷᠡᠭᠦᠯᠵᠦ᠂ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠲᠡᠷᠭᠡ 400 ︵ᠤᠰᠤᠲᠥ᠋ᠷᠥᠭᠴᠢ ᠡᠨᠧᠷᠭᠢ ᠶᠢᠨ ᠰᠤᠷᠪᠤᠯᠵᠢ 265᠂ ᠴᠡᠪᠡᠷ ᠴᠠᠬᠢᠯᠭᠠᠨ ᠬᠦᠴᠦᠨ ᠤ ᠮᠠᠰᠢᠨ ᠲᠡᠷᠭᠡ 135᠎ ᠶᠢ ᠳᠡᠯᠭᠡᠷᠡᠭᠦᠯᠦᠨ ᠬᠡᠷᠡᠭᠯᠡᠨ᠎ᠡ᠂ ᠡᠭᠦᠨ ᠳᠤ 300᠎ ᠶᠢ ᠨᠢ ᠵᠠᠮ ᠳᠤ ᠭᠠᠷᠭᠠᠵᠤ᠂ ᠨᠡᠶᠢᠲᠡ 100 ᠲᠦᠮᠡᠨ ᠺᠢᠯᠣᠮᠧᠲᠷ ᠰᠢᠬᠠᠮ ᠢ ᠨᠢ ᠠᠵᠢᠯᠯᠠᠭᠤᠯᠤᠨ ᠡᠵᠡᠩᠨᠡᠭᠦᠯᠦᠨ᠎ᠡ︶᠂ ᠥᠪᠥᠷ ᠮᠤᠩᠭᠤᠯ ᠵᠢᠶᠠᠩᠰᠤ ᠶᠢᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠠᠴᠠ ᠠᠯᠳᠠᠨᠰᠢᠷᠡᠭᠡ  ᠪᠠᠯᠭᠠᠰᠤ ᠬᠥᠷᠬᠦ ᠤᠰᠤᠲᠥ᠋ᠷᠥᠭᠴᠢ ᠲᠦᠯᠡᠬᠦ ᠨᠡᠶᠢᠳᠡ ᠶᠢᠨ ᠮᠠᠰᠢᠨ ᠲᠡᠷᠭᠡ ᠶᠢ ᠨᠡᠪᠳᠡᠷᠡᠬᠦᠯᠦᠨ᠎ᠡ᠃      ᠭᠤᠷᠪᠠ ᠳᠤ᠂ ᠨᠡᠭᠦᠷᠡᠰᠦᠨ ᠤ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ 28.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 22 ᠨᠡᠭᠦᠷᠡᠰᠦᠨ ᠠᠭᠤᠷᠬᠠᠶ ᠶᠢ 50 ᠤᠶᠤᠨᠴᠢᠯᠠᠭᠰᠠᠨ ᠨᠡᠭᠡᠭᠡᠨ ᠮᠠᠯᠲᠠᠬᠤ  ᠠᠵᠢᠯᠯᠠᠬᠤ ᠭᠠᠵᠠᠷ ︵ ᠡᠭᠦᠨ ᠳᠤ 18 ᠨᠡᠭᠦᠷᠡᠰᠦᠨ ᠠᠭᠤᠷᠬᠠᠶ ᠎ ᠨᠢ ᠥᠪᠡᠷᠲᠡᠭᠡᠨ ᠵᠠᠰᠠᠬᠤ ᠣᠷᠣᠨ ᠤ ᠰᠢᠯᠭᠠᠨ ᠦᠨᠡᠯᠡᠯᠳᠡ ᠶᠢ ᠥᠩᠭᠡᠷᠡᠭᠡᠪᠡ︶᠎ ᠢ ᠪᠠᠶᠢᠭᠤᠯᠵᠤ ᠳᠠᠭᠤᠰᠬᠠᠨ᠂ 400 ᠭᠠᠷᠤᠶ ᠬᠥᠮᠦᠨ ᠤ ᠬᠦᠴᠦ ᠶᠢ ᠠᠷᠪᠢᠯᠡᠵᠦ ᠴᠢᠳᠠᠨ᠎ᠠ᠃ ᠵᠤᠸᠠᠨ ᠯᠦᠩ ᠸᠠᠨ᠂ ᠮᠠ ᠲᠠᠢ ᠬᠤᠤ ᠨᠡᠭᠦᠷᠡᠰᠦᠨ ᠠᠭᠤᠷᠬᠠᠶ ᠡᠩ ᠲᠡᠷᠢᠭᠦᠨ ᠳᠤ ᠤᠯᠤᠰ ᠤᠨ ᠠᠩᠬᠠᠳᠠᠭᠴᠢ ᠪᠦᠯᠦᠭ ᠣᠶᠤᠨᠴᠢᠯᠠᠭᠰᠠᠨ ᠵᠢᠱᠢᠶ᠎ᠡ ᠦᠵᠡᠭᠦᠯᠬᠦ ᠠᠭᠤᠷᠬᠠᠶ ᠶᠢ ᠪᠠᠶᠢᠭᠤᠯᠪᠠ᠃ ᠱᠧᠨ ᠳ᠋ᠦᠩ ᠪᠤᠷᠤ ᠲᠤᠶᠢᠭ᠂ ᠪᠦᠯᠢᠶᠡᠨ ᠲᠤᠬᠠᠢ᠂ ᠰᠤᠪᠤᠷᠭ᠎ᠠ ᠵᠡᠷᠭᠡ 3 ᠨᠡᠭᠦᠷᠡᠰᠦᠨ ᠠᠭᠤᠷᠬᠠᠶ ᠳᠤ ᠠᠭᠤᠷᠬᠠᠶ ᠶᠢᠨ ᠰᠢᠨ᠎ᠡ ᠠᠵᠢᠯᠯᠠᠭᠤᠯᠬᠤ ᠰᠢᠰᠲ᠋ᠧᠮ ᠢ ᠡᠬᠢᠯᠡᠨ ᠬᠡᠷᠡᠭᠯᠡᠵᠦ᠂ ᠨᠡᠭᠦᠷᠡᠰᠦᠨ ᠠᠭᠤᠷᠬᠠᠶ ᠶᠢᠨ ᠬᠤᠳᠳᠤᠭ ᠳᠣᠲᠣᠷᠠᠬᠢ ᠣᠯᠠᠨ ᠬᠢᠴᠡᠲᠦ ᠪᠣᠳᠠᠰ ᠢ ᠬᠠᠷᠢᠯᠴᠠᠨ ᠬᠤᠯᠪᠣᠬᠤ ᠶᠢ ᠪᠡᠶᠡᠯᠡᠬᠦᠯᠪᠡ᠃
ᠢᠷᠡᠯᠲᠡ᠄ ᠲᠤᠰ ᠰᠦᠯᠵᠢᠶ᠎ᠡ