ᠡᠵᠡᠨ ᠬᠤᠷᠤᠭ᠎ᠠ ᠬᠤᠰᠢᠭᠤ ︽ᠲᠠᠪᠤ ᠶᠢ ᠪᠠᠭᠤᠷᠠᠭᠤᠯᠵᠤ ᠲᠠᠪᠤ ᠶᠢ ᠳᠡᠭᠡᠭᠰᠢᠯᠡᠭᠦᠯᠵᠦ ᠲᠠᠪᠤ ᠶᠢ ᠲᠡᠭ ᠪᠣᠯᠭᠠᠬᠤ︾᠎ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2022/11/10
      ᠡᠵᠡᠨ ᠬᠤᠷᠤᠭ᠎ᠠ ᠬᠤᠰᠢᠭᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠪᠠᠶᠢᠩᠭᠤᠵᠢᠭᠤᠯᠤᠨ ᠠᠬᠢᠭᠤᠯᠵᠤ᠂ ︽ᠬᠤᠶᠠᠷ ᠢ ᠴᠡᠪᠡᠷᠯᠡᠬᠦ︾ ᠠᠵᠢᠯ ᠢ ᠭᠦᠨᠵᠡᠭᠡᠶ ᠥᠷᠨᠢᠭᠦᠯᠪᠡ᠃ ᠬᠤᠤᠰ ᠴᠣᠬᠢᠯᠲᠠ ᠥᠭᠬᠦ ᠵᠡᠷᠭᠡ ᠰᠢᠷᠢᠰ ᠲᠤᠰᠬᠠᠶ ᠠᠵᠢᠯᠯᠠᠭ᠎ᠠ ᠨᠢ ︽ᠱᠠᠯᠢᠭ ᠵᠠᠪᠬᠠᠶ᠂ ᠵᠣᠭᠤᠰ ᠮᠥᠷᠦ᠋ᠢᠴᠡᠭᠰᠡᠨ᠂ ᠬᠤᠤᠷᠠᠲᠤ ᠡᠳ᠋ ᠫᠠᠨᠽᠠᠯᠠᠭᠰᠠᠨ︾᠂ ︽ᠬᠤᠯᠠᠭᠠᠶᠢᠯᠠᠵᠤ ᠪᠤᠯᠢᠶᠠᠵᠤ ᠮᠡᠬᠡᠯᠡᠭᠰᠡᠨ︾᠂ ︽ᠢᠳᠡᠭᠡᠨ᠂ ᠡᠮ ᠤᠨ ᠵᠦᠢᠯᠡᠰ ᠤᠨ ᠭᠤᠭᠴᠤᠭ᠎ᠠ︾ ᠵᠡᠷᠭᠡ ᠳᠤ ᠬᠤᠯᠪᠣᠭᠳᠠᠭᠰᠠᠨ ᠨᠢᠭᠡ ᠪᠦᠯᠦᠭ ᠲᠣᠮᠣ ᠴᠢᠬᠤᠯᠠ ᠬᠡᠷᠡᠭ ᠢ ᠵᠠᠯᠭᠠᠭ᠎ᠠ ᠪᠠᠷ ᠢᠯᠡᠷᠡᠭᠦᠯᠵᠦ᠂ ᠭᠠᠳᠠᠭᠠᠳᠤ ᠭᠠᠷᠭᠠᠯᠲᠠ ᠶᠢᠨ ᠭᠠᠶᠢᠯᠢ ᠶᠢ ᠪᠤᠴᠠᠭᠠᠬᠤ ᠵᠣᠭᠤᠰ ᠢ ᠮᠡᠬᠡᠯᠡᠨ ᠠᠪᠤᠭᠰᠠᠨ ᠪᠥᠬᠦ ᠣᠷᠣᠨ ᠤ ᠠᠩᠬᠠᠳᠠᠭᠴᠢ ᠣᠨᠴᠠ ᠶᠡᠭᠡ ᠬᠡᠷᠡᠭ ᠢ ᠲᠦᠷᠭᠡᠨ ᠳᠡᠩᠨᠡᠨ ᠢᠯᠡᠷᠡᠭᠦᠯᠵᠦ᠂ ︽ᠠᠮᠢᠨ ᠬᠡᠷᠡᠭ ᠥᠬᠡᠶ︾ ᠬᠤᠰᠢᠭᠤ ᠲᠣᠭᠤᠷᠢᠭ ᠢ ᠡᠭᠦᠳᠦᠨ ᠪᠠᠶᠢᠭᠤᠯᠬᠤ ᠠᠵᠢᠯ ᠪᠣᠳᠠᠲᠤ ᠦᠷ᠎ᠡ ᠪᠦᠲᠦᠮᠵᠢ ᠣᠯᠵᠤ᠂ ᠴᠣᠬᠢᠯᠲᠠ ᠥᠭᠴᠦ  ᠴᠡᠭᠴᠡᠯᠡᠨ ᠵᠠᠰᠠᠬᠤ ᠠᠵᠢᠯ ᠨᠢ ︽ᠲᠠᠪᠤ ᠶᠢ ᠪᠠᠭᠤᠷᠠᠭᠤᠯᠵᠤ ᠲᠠᠪᠤ ᠶᠢ ᠳᠡᠭᠡᠭᠰᠢᠯᠡᠭᠦᠯᠵᠦ ᠲᠠᠪᠤ ᠶᠢ ᠲᠡᠭ ᠪᠣᠯᠭᠠᠬᠤ︾᠎ ᠶᠢ ᠪᠡᠶᠡᠯᠡᠭᠦᠯᠪᠡ᠃ ᠲᠤᠬᠠᠶᠢᠯᠠᠪᠠᠯ᠄ ᠵᠠᠰᠠᠭ ᠵᠠᠬᠢᠷᠭᠠᠨ ᠤ ᠬᠡᠷᠡᠭ᠂ ᠡᠷᠡᠭᠦᠦ ᠶᠢᠨ ᠬᠡᠷᠡᠭ᠂ ᠡᠳ᠋ ᠬᠥᠷᠥᠩᠭᠡ ᠳᠤ ᠬᠠᠯᠳᠠᠭᠰᠠᠨ ᠬᠡᠷᠡᠭ᠂ ᠴᠠᠬᠢᠯᠭᠠᠨ ᠬᠤᠯᠪᠤᠭ᠎ᠠ ᠢᠶᠠᠷ ᠮᠡᠭᠡᠯᠡᠭᠳᠡᠭᠰᠡᠨ ᠬᠡᠷᠡᠭ᠂ ᠴᠠᠬᠢᠯᠭᠠᠨ ᠬᠤᠯᠪᠤᠭ᠎ᠠ ᠢᠶᠠᠷ ᠮᠡᠬᠡᠯᠡᠭᠳᠡᠨ ᠡᠳ᠋ ᠬᠥᠷᠥᠩᠭᠡ ᠬᠤᠬᠢᠷᠠᠭᠳᠠᠭᠰᠠᠨ ᠬᠡᠷᠡᠭ ᠠᠳᠠᠯᠢ ᠬᠤᠭᠤᠴᠠᠭᠠᠨ ᠤ ᠬᠢ ᠠᠴᠠ ᠲᠣᠰ ᠲᠣᠰ 5.2%᠂ 52.5%᠂ 44.7 %᠂ 62.7%᠂ 67%᠎ ᠪᠠᠷ ᠪᠠᠭᠤᠷᠠᠪᠠ︔ ᠠᠮᠤᠷ ᠢ ᠬᠠᠮᠠᠭᠠᠯᠠᠬᠤ ᠲᠠᠯ᠎ᠠ ᠪᠠᠷ ᠴᠣᠬᠢᠯᠲᠠ ᠥᠭᠴᠦ  ᠰᠢᠢᠳᠪᠦᠷᠢᠯᠡᠭᠰᠡᠨ ᠬᠥᠮᠦᠨ ᠤ ᠲᠤᠭ᠎ᠠ᠂ ᠡᠷᠡᠭᠦᠦ ᠶᠢᠨ ᠬᠡᠷᠡᠭ ᠤᠨ ᠬᠡᠷᠡᠭ ᠢᠯᠡᠷᠡᠭᠦᠯᠦᠭᠰᠡᠨ ᠨᠣᠷᠮ᠎ᠠ᠂ ᠡᠳ᠋ ᠬᠥᠷᠥᠩᠭᠡ ᠳᠤ ᠬᠠᠯᠳᠠᠭᠰᠠᠨ ᠤᠯᠠᠮᠵᠢᠯᠠᠯᠲᠤ ᠬᠡᠷᠡᠭ ᠤᠨ ᠬᠡᠷᠡᠭ ᠢᠯᠡᠷᠡᠭᠦᠯᠦᠭᠰᠡᠨ ᠨᠣᠷᠮ᠎ᠠ᠂ ᠴᠠᠬᠢᠯᠭᠠᠨ ᠬᠤᠯᠪᠤᠭ᠎ᠠ ᠢᠶᠠᠷ ᠮᠡᠬᠡᠯᠡᠭᠰᠡᠨ ᠬᠡᠷᠡᠭ ᠤᠨ ᠢᠯᠡᠷᠡᠭᠦᠯᠦᠭᠰᠡᠨ ᠨᠣᠷᠮ᠎ᠠ᠂ ᠴᠠᠬᠢᠯᠭᠠᠨ ᠬᠤᠯᠪᠤᠭ᠎ᠠ ᠢᠶᠠᠷ ᠮᠡᠬᠡᠯᠡᠭᠰᠡᠨ ᠬᠡᠷᠡᠭ ᠤᠨ ᠪᠠᠷᠢᠪᠴᠢᠯᠠᠭᠰᠠᠨ ᠬᠥᠮᠦᠨ ᠤ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ ᠲᠣᠰ ᠲᠣᠰ 6.3 %᠂ 17.4 %᠂ 22.9 %᠂ 30.6 %᠂ 28%᠎ ᠪᠠᠷ ᠨᠡᠮᠡᠭᠳᠡᠵᠦ᠂ ᠬᠦᠴᠦᠷᠬᠡᠭᠯᠡᠯ ᠰᠦᠷᠳᠡᠭᠦᠯᠦᠯ ᠤᠨ ᠬᠡᠷᠡᠭ᠂ ᠠᠮᠢᠨ ᠬᠡᠷᠡᠭ᠂ ᠬᠠᠮᠲᠤᠯᠢᠭ ᠤᠨ ᠴᠢᠨᠠᠷᠲᠠᠶ ᠬᠡᠷᠡᠭ᠂ ᠬᠤᠤᠷᠲᠤ ᠡᠳ᠋ ᠲᠤ ᠬᠤᠯᠪᠣᠭᠳᠠᠭᠰᠠᠨ ᠬᠡᠷᠡᠭ᠂ ᠳᠣᠲᠣᠭᠠᠳᠤ ᠶᠢ ᠬᠠᠮᠠᠭᠠᠯᠠᠬᠤ ᠬᠦᠷᠢᠶᠡᠨ ᠳᠠᠬᠢ ᠣᠯᠠᠨ ᠨᠡᠶᠢᠲᠡ ᠶᠢᠨ ᠠᠮᠤᠷ ᠲᠦᠪᠰᠢᠨ ᠤ ᠬᠡᠷᠡᠭ ︽ᠲᠠᠪᠤ ᠵᠦᠢᠯ ᠤᠨ ᠬᠡᠷᠡᠭ ᠭᠠᠷᠤᠭᠰᠠᠨ ᠥᠬᠡᠶ︾ ᠪᠠᠶᠢᠨ᠎ᠠ᠃
ᠢᠷᠡᠯᠲᠡ᠄ ᠲᠤᠰ ᠰᠦᠯᠵᠢᠶ᠎ᠡ