ᠮᠠᠨ ᠤ ᠣᠷᠣᠨ ᠤ 11 ᠳ᠋ᠦ᠋ᠭᠡᠷ ᠰᠠᠷ᠎ᠠ ᠶᠢᠨ 9᠎ ᠤ ᠡᠳᠦᠷ ᠤᠨ 24 ᠴᠠᠭ ᠪᠣᠯᠲᠠᠯᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/11/10
      11 ᠰᠠᠷ᠎ᠠ ᠶᠢᠨ 9᠎ ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 107 ᠨᠡᠮᠡᠭᠳᠡᠵᠦ᠂ ᠡᠭᠦᠨ ᠳᠤ ᠭᠦᠭᠡᠬᠤᠳᠠ ᠳᠤ 101 ︵ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠣᠯᠠᠭᠰᠠᠨ ᠡᠪᠡᠳᠴᠢᠨ ᠤ ᠵᠢᠱᠢᠶ᠎ᠡ ᠪᠣᠯᠤᠭᠰᠠᠨ 1 ᠡᠪᠡᠳᠴᠢᠲᠡᠨ ᠢ ᠪᠠᠭᠲᠠᠭᠠᠵᠤ ᠪᠤᠢ︶᠂ ᠤᠯᠠᠭᠠᠨᠬᠠᠳᠠ ᠬᠤᠲᠠ ᠳᠤ 3 ︵ᠴᠥᠮ ᠬᠤᠩᠱᠠᠨ ᠲᠣᠭᠤᠷᠢᠭ ᠲᠤ ᠪᠣᠢ︶᠂ ᠣᠷᠳᠣᠰ ᠬᠤᠲᠠ ᠳᠤ 3 ︵ᠳᠠᠯᠠᠳ ᠬᠤᠰᠢᠭᠤᠨ ᠳᠤ 2᠂ ᠡᠵᠡᠨ ᠬᠤᠷᠤᠭ᠎ᠠ ᠬᠤᠰᠢᠭᠤᠨ ᠳᠤ 1 ᠪᠣᠢ︶ ᠪᠠᠶᠢᠨ᠎ᠠ᠃       ᠲᠤᠬᠠᠢ ᠶᠢᠨ ᠡᠳᠦᠷ ᠢᠯᠠᠷᠢᠰᠢᠵᠤ ᠡᠮᠨᠡᠯᠭᠡ ᠠᠴᠠ ᠭᠠᠷᠤᠭᠰᠠᠨ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 54 ᠨᠡᠮᠡᠭᠳᠡᠵᠦ᠂ ᠡᠭᠦᠨ ᠳᠤ ᠭᠦᠭᠡᠬᠤᠳᠠ ᠳᠤ 40᠂ ᠤᠯᠠᠭᠠᠨᠬᠠᠳᠠ ᠬᠤᠲᠠ ᠳᠤ 7 ︵ᠬᠤᠩᠱᠠᠨ ᠲᠣᠭᠤᠷᠢᠭ ᠲᠤ 2᠂ ᠠᠷᠤ ᠬᠤᠷᠴᠢᠨ ᠬᠤᠰᠢᠭᠤᠨ ᠳᠤ 5 ᠪᠣᠢ︶᠂ ᠰᠢᠯᠢ ᠶᠢᠨ ᠭᠤᠣᠯ ᠠᠶᠢᠮᠠᠭ ᠲᠤ 3 ︵ᠴᠥᠮ ᠰᠢᠯᠢᠩᠬᠤᠲᠠ ᠳᠤ ᠪᠣᠢ︶᠂ ᠣᠷᠳᠣᠰ ᠬᠤᠲᠠ ᠳᠤ 4 ︵ᠳᠠᠯᠠᠳ ᠬᠤᠰᠢᠭᠤᠨ ᠳᠤ 1᠂ ᠡᠵᠡᠨ ᠬᠤᠷᠤᠭ᠎ᠠ ᠬᠤᠰᠢᠭᠤᠨ ᠳᠤ 1᠂ ᠬᠠᠩᠭᠢᠨ ᠬᠤᠰᠢᠭᠤᠨ ᠳᠤ 2 ᠪᠣᠢ︶ ᠪᠠᠶᠢᠨ᠎ᠠ᠃       11 ᠰᠠᠷ᠎ᠠ ᠶᠢᠨ 9᠎ ᠤ ᠡᠳᠦᠷ ᠤᠨ 24 ᠴᠠᠭ ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠪᠠᠶᠢᠭ᠎ᠠ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 1078 ᠪᠠᠶᠢᠵᠤ᠂ ᠡᠭᠦᠨ ᠳᠤ ᠭᠦᠭᠡᠬᠤᠳᠠ ᠳᠤ 1008᠂ ᠪᠤᠭᠤᠲᠤ ᠬᠤᠳᠠ ᠳᠤ 7 ︵ᠬᠥᠨᠳᠡᠯᠡᠨ ᠲᠣᠭᠤᠷᠢᠭ ᠲᠤ 2᠂ ᠴᠢᠩᠱᠠᠨ ᠲᠣᠭᠤᠷᠢᠭ ᠲᠤ 1᠂ ᠳ᠋ᠦᠩ ᠾᠧ ᠲᠣᠭᠤᠷᠢᠭ ᠲᠤ 1᠂ ᠵᠢᠤᠶᠤᠸᠠᠨ ᠲᠣᠭᠤᠷᠢᠭ ᠲᠤ 3︶᠂ ᠲᠦᠩᠯᠢᠶᠣᠣ ᠬᠤᠲᠠ ᠳᠤ 3 ︵ᠴᠥᠮ ᠬᠤᠷᠴᠢᠨ ᠲᠣᠭᠤᠷᠢᠭ ᠲᠤ ᠪᠤᠢ︶᠂ ᠤᠯᠠᠭᠠᠨᠬᠠᠳᠠ ᠬᠤᠲᠠ ᠳᠤ 25 ︵ᠬᠤᠩᠱᠠᠨ ᠲᠣᠭᠤᠷᠢᠭ ᠲᠤ 11᠂ ᠠᠷᠤ ᠬᠤᠷᠴᠢᠨ ᠬᠤᠰᠢᠭᠤᠨ ᠳᠤ 14︶᠂ ᠰᠢᠯᠢ ᠶᠢᠨ ᠭᠤᠣᠯ ᠠᠶᠢᠮᠠᠭ ᠲᠤ 2 ︵ᠰᠢᠯᠢᠩᠬᠤᠲᠠ ᠳᠤ 1᠂ ᠠᠪᠠᠭ᠎ᠠ ᠬᠤᠰᠢᠭᠤᠨ ᠳᠤ 1︶᠂ ᠣᠷᠳᠣᠰ ᠬᠤᠲᠠ ᠳᠤ 29 ︵ᠳ᠋ᠦᠩᠱᠧᠩ ᠲᠣᠭᠤᠷᠢᠭ ᠲᠤ 1᠂ ᠳᠠᠯᠠᠳ ᠬᠤᠰᠢᠭᠤᠨ ᠳᠤ 7᠂ ᠵᠡᠭᠦᠨᠭᠠᠷ ᠬᠤᠰᠢᠭᠤᠨ ᠳᠤ 3᠂ ᠡᠵᠡᠨ ᠬᠤᠷᠤᠭ᠎ᠠ ᠬᠤᠰᠢᠭᠤᠨ ᠳᠤ 9᠂ ᠬᠠᠩᠭᠢᠨ ᠬᠤᠰᠢᠭᠤᠨ ᠳᠤ 9︶᠂ ᠪᠠᠶᠠᠨᠨᠠᠭᠤᠷ ᠬᠤᠲᠠ ᠳᠤ 1 ︵ᠤᠷᠠᠳ ᠤᠨ ᠡᠮᠦᠨᠡᠲᠦ ᠬᠤᠰᠢᠭᠤᠨ ᠳᠤ ᠪᠤᠢ︶᠂ ᠦᠬᠠᠢ ᠬᠤᠲᠠ ᠳᠤ 2 ︵ᠴᠥᠮ ᠬᠠᠶᠢᠷᠤᠪ ᠤᠨ ᠲᠣᠬᠤᠢ ᠲᠣᠭᠤᠷᠢᠭ ᠲᠤ ᠪᠤᠢ︶᠂ ᠠᠯᠠᠱᠠ ᠠᠶᠢᠮᠠᠭ ᠲᠤ 1 ︵ᠴᠡᠭᠡ ᠪᠣᠭᠤᠮᠲᠠ ᠳᠤ ᠪᠤᠢ︶ ᠪᠠᠶᠢᠨ᠎ᠠ᠃       ᠲᠤᠬᠠᠢ ᠶᠢᠨ ᠡᠳᠦᠷ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠨᠡᠮᠡᠭᠳᠡᠭᠰᠡᠨ ᠦᠭᠡᠢ᠂ ᠲᠣᠳᠣᠯᠠᠭᠰᠠᠨ ᠡᠪᠡᠳᠴᠢᠨ ᠤ ᠵᠢᠱᠢᠶ᠎ᠡ 2 ᠨᠡᠮᠡᠭᠳᠡᠵᠦ᠂ ᠢᠯᠠᠷᠢᠰᠢᠵᠤ ᠡᠮᠨᠡᠯᠭᠡ ᠠᠴᠠ ᠭᠠᠷᠤᠭᠰᠠᠨ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 1 ᠨᠡᠮᠡᠭᠳᠡᠨ᠂ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠭᠰᠠᠨ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ᠨᠡᠮᠡᠭᠳᠡᠵᠦ᠂ ᠴᠥᠮ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠤᠨ ᠬᠤᠪᠢᠶᠠᠷᠢᠯᠠᠯᠲᠠ ᠪᠠᠷ ᠬᠦᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠯᠭᠠᠭᠰᠠᠨ ᠳᠤ ᠪᠠᠶᠢᠵᠠᠢ᠃ ᠣᠳᠣ ᠪᠠᠶᠢᠭ᠎ᠠ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 10᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 3 ᠪᠤᠢ᠃      ᠲᠤᠬᠠᠢ ᠶᠢᠨ ᠡᠳᠦᠷ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1019 ᠨᠡᠮᠡᠭᠳᠡᠵᠦ᠂ ᠡᠭᠦᠨ ᠳᠤ ᠭᠦᠭᠡᠬᠤᠳᠠ ᠳᠤ 956᠂ ᠪᠤᠭᠤᠲᠤ ᠬᠤᠲᠠ ᠳᠤ 6 ︵ᠬᠥᠨᠳᠡᠯᠡᠨ ᠲᠣᠭᠤᠷᠢᠭ ᠲᠤ 1᠂ ᠳ᠋ᠦᠩ ᠾᠧ ᠲᠣᠭᠤᠷᠢᠭ ᠲᠤ 3᠂ ᠵᠢᠤᠶᠤᠸᠠᠨ ᠲᠣᠭᠤᠷᠢᠭ ᠲᠤ 2︶᠂ ᠤᠯᠠᠭᠠᠨᠬᠠᠳᠠ ᠬᠤᠲᠠ ᠳᠤ 9 ︵ᠬᠤᠩᠱᠠᠨ ᠲᠣᠭᠤᠷᠢᠭ ᠲᠤ 6᠂ ᠰᠦᠩᠱᠠᠨ ᠲᠣᠭᠤᠷᠢᠭ ᠲᠤ 3︶᠂ ᠰᠢᠯᠢ ᠶᠢᠨ ᠭᠤᠣᠯ ᠠᠶᠢᠮᠠᠭ ᠲᠤ 1 ︵ᠡᠷᠢᠶᠡᠨ ᠬᠤᠲᠠ ᠳᠤ ᠪᠣᠢ︶᠂ ᠤᠯᠠᠭᠠᠨᠴᠠᠪ ᠬᠤᠲᠠ ᠳᠤ 9 ︵ᠴᠥᠮ ᠵᠢᠨᠢᠩ ᠲᠣᠭᠤᠷᠢᠭ ᠲᠤ ᠪᠣᠢ︶᠂ ᠪᠠᠶᠠᠨᠨᠠᠭᠤᠷ ᠬᠤᠲᠠ ᠳᠤ 5 ︵ᠤᠷᠠᠳ ᠤᠨ ᠡᠮᠦᠨᠡᠲᠦ ᠬᠤᠰᠢᠭᠤᠨ ᠳᠤ 2᠂ ᠬᠠᠩᠭᠢᠨ ᠬᠤᠶᠢᠲᠤ ᠬᠤᠰᠢᠭᠤᠨ ᠳᠤ 3︶᠂ ᠦᠬᠠᠢ ᠬᠤᠲᠠ ᠳᠤ 1 ︵ᠬᠠᠶᠢᠷᠤᠪ ᠤᠨ ᠲᠣᠬᠤᠢ ᠲᠣᠭᠤᠷᠢᠭ ᠲᠤ︶᠂ ᠠᠯᠠᠱᠠ ᠠᠶᠢᠮᠠᠭ ᠲᠤ 32 ︵ᠴᠥᠮ ᠠᠯᠠᠱᠠ ᠪᠠᠷᠠᠭᠤᠨ ᠬᠤᠰᠢᠭᠤᠨ ᠳᠤ ᠪᠣᠶ︶ ᠪᠠᠶᠢᠨ᠎ᠠ᠃       ᠲᠤᠬᠠᠢ ᠶᠢᠨ ᠡᠳᠦᠷ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠭᠰᠠᠨ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 209 ᠪᠠᠶᠢᠵᠤ᠂ ᠡᠭᠦᠨ ᠳᠤ ᠭᠦᠭᠡᠬᠤᠳᠠ ᠳᠤ 184᠂ ᠤᠯᠠᠭᠠᠨᠬᠠᠳᠠ ᠬᠤᠲᠠ ᠳᠤ 11 ︵ᠬᠤᠩᠱᠠᠨ ᠲᠣᠭᠤᠷᠢᠭ ᠲᠤ 10᠂ ᠠᠷᠤ ᠬᠤᠷᠴᠢᠨ ᠬᠤᠰᠢᠭᠤᠨ ᠳᠤ 1 ᠪᠣᠢ︶᠂ ᠰᠢᠯᠢ ᠶᠢᠨ ᠭᠤᠣᠯ ᠠᠶᠢᠮᠠᠭ ᠲᠤ 1 ︵ᠰᠢᠯᠢᠩᠬᠤᠲᠠ ᠳᠤ ᠪᠣᠢ︶᠂ ᠣᠷᠳᠣᠰ ᠬᠤᠲᠠ ᠳᠤ 4 ︵ᠴᠥᠮ ᠬᠠᠩᠭᠢᠨ ᠬᠤᠰᠢᠭᠤᠨ ᠳᠤ ᠪᠣᠢ︶᠂ ᠤᠯᠠᠭᠠᠨᠴᠠᠪ ᠬᠤᠲᠠ ᠳᠤ 2 ︵ᠴᠥᠮ ᠵᠢᠨᠢᠩ ᠲᠣᠭᠤᠷᠢᠭ ᠲᠤ ᠪᠣᠢ︶᠂ ᠪᠠᠶᠠᠨᠨᠠᠭᠤᠷ ᠬᠤᠲᠠ ᠳᠤ 5 ︵ᠴᠥᠮ ᠯᠢᠨᠾᠧ ᠲᠣᠭᠤᠷᠢᠭ ᠲᠤ ᠪᠣᠢ︶᠂ ᠠᠯᠠᠱᠠ ᠠᠶᠢᠮᠠᠭ ᠲᠤ 2 ︵ᠠᠯᠠᠱᠠ ᠪᠠᠷᠠᠭᠤᠨ ᠬᠤᠰᠢᠭᠤᠨ ᠳᠤ 1᠂ ᠴᠡᠭᠡ ᠪᠣᠭᠤᠮᠲᠠ ᠳᠤ 1 ᠪᠣᠢ︶ ᠪᠠᠶᠢᠨ᠎ᠠ᠃       11 ᠰᠠᠷ᠎ᠠ ᠶᠢᠨ 9᠎ ᠤ ᠡᠳᠦᠷ ᠤᠨ 24 ᠴᠠᠭ ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠣ ᠪᠠᠶᠢᠭ᠎ᠠ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 8378 ᠪᠠᠶᠢᠵᠤ᠂ ᠡᠭᠦᠨ ᠳᠤ ᠭᠦᠭᠡᠬᠤᠳᠠ ᠳᠤ 8020᠂ ᠪᠤᠭᠤᠲᠤ ᠬᠤᠳᠠ ᠳᠤ 17 ︵ᠬᠥᠨᠳᠡᠯᠡᠨ ᠲᠣᠭᠤᠷᠢᠭ ᠲᠤ 2᠂ ᠴᠢᠩᠱᠠᠨ ᠲᠣᠭᠤᠷᠢᠭ ᠲᠤ 2᠂ ᠳ᠋ᠦᠩ ᠾᠧ ᠲᠣᠭᠤᠷᠢᠭ ᠲᠤ 4᠂ ᠵᠢᠤᠶᠤᠸᠠᠨ ᠲᠣᠭᠤᠷᠢᠭ ᠲᠤ 6᠂ ᠰᠢᠭᠤᠶᠢᠲᠤ ᠲᠣᠭᠤᠷᠢᠭ ᠲᠤ 3︶᠂ ᠬᠢᠩᠭᠠᠨ ᠠᠶᠢᠮᠠᠭ ᠲᠤ 1 ︵ᠵᠠᠯᠠᠶᠢᠳ ᠬᠤᠰᠢᠭᠤᠨ ᠳᠤ ᠪᠤᠢ︶᠂ ᠲᠦᠩᠯᠢᠶᠣᠣ ᠬᠤᠲᠠ ᠳᠤ 2 ︵ᠴᠥᠮ ᠬᠤᠷᠴᠢᠨ ᠲᠣᠭᠤᠷᠢᠭ ᠲᠤ ᠪᠤᠢ︶᠂ ᠤᠯᠠᠭᠠᠨᠬᠠᠳᠠ ᠬᠤᠲᠠ ᠳᠤ 56 ︵ᠬᠤᠩᠱᠠᠨ ᠲᠣᠭᠤᠷᠢᠭ ᠲᠤ 43᠂ ᠰᠦᠩᠱᠠᠨ ᠲᠣᠭᠤᠷᠢᠭ ᠲᠤ 3᠂ ᠠᠷᠤ ᠬᠤᠷᠴᠢᠨ ᠬᠤᠰᠢᠭᠤᠨ ᠳᠤ 10︶᠂ ᠰᠢᠯᠢ ᠶᠢᠨ ᠭᠤᠣᠯ ᠠᠶᠢᠮᠠᠭ ᠲᠤ 13 ︵ᠰᠢᠯᠢᠩᠬᠤᠲᠠ ᠳᠤ 6᠂ ᠡᠷᠢᠶᠡᠨ ᠬᠤᠲᠠ ᠳᠤ 3᠂ ᠰᠥᠨᠢᠳ ᠵᠡᠭᠦᠨ ᠬᠤᠰᠢᠭᠤᠨ ᠳᠤ 2᠂ ᠰᠥᠨᠢᠳ ᠪᠠᠷᠠᠭᠤᠨ ᠬᠤᠰᠢᠭᠤᠨ ᠳᠤ 2︶ ᠂ ᠤᠯᠠᠭᠠᠨᠴᠠᠪ ᠬᠤᠳᠠ ᠳᠤ 64 ︵ᠵᠢᠨᠢᠩ ᠲᠣᠭᠤᠷᠢᠭ ᠲᠤ 62᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠳᠤ 1᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ 1︶᠂ ᠣᠷᠳᠣᠰ ᠬᠤᠳᠠ ᠳᠤ 32 ︵ᠴᠥᠮ ᠬᠠᠩᠭᠢᠨ ᠬᠤᠰᠢᠭᠤᠨ ᠳᠤ ᠪᠤᠢ︶᠂ ᠪᠠᠶᠠᠨᠨᠠᠭᠤᠷ ᠬᠤᠲᠠ ᠳᠤ 112 ︵ᠯᠢᠨᠾᠧ ᠲᠣᠭᠤᠷᠢᠭ ᠲᠤ 26᠂ ᠦᠶᠤᠸᠠᠨ ᠰᠢᠶᠠᠨ ᠳᠤ 34᠂ ᠤᠷᠠᠳ ᠤᠨ ᠡᠮᠦᠨᠡᠲᠦ ᠬᠤᠰᠢᠭᠤᠨ ᠳᠤ 31᠂ ᠤᠷᠠᠳ ᠤᠨ ᠬᠤᠶᠢᠲᠤ ᠬᠤᠰᠢᠭᠤᠨ ᠳᠤ 11᠂ ᠬᠠᠩᠭᠢᠨ ᠬᠤᠶᠢᠲᠤ ᠬᠤᠰᠢᠭᠤᠨ ᠳᠤ 10︶᠂ ᠦᠬᠠᠢ ᠬᠤᠳᠠ ᠳᠤ 2 ︵ᠴᠥᠮ ᠬᠠᠶᠢᠷᠤᠪ ᠤᠨ ᠲᠣᠬᠤᠢ ᠲᠣᠭᠤᠷᠢᠭ ᠲᠤ ᠪᠣᠢ︶᠂ ᠠᠯᠠᠱᠠ ᠠᠶᠢᠮᠠᠭ ᠲᠤ 59 ︵ᠠᠯᠠᠱᠠ ᠵᠡᠭᠦᠨ ᠬᠤᠰᠢᠭᠤᠨ ᠳᠤ 4᠂ ᠠᠯᠠᠱᠠ ᠪᠠᠷᠠᠭᠤᠨ ᠬᠤᠰᠢᠭᠤᠨ ᠳᠤ 48᠂ ᠴᠡᠭᠡ ᠪᠣᠭᠤᠮᠲᠠ ᠳᠤ 7︶ ᠪᠣᠢ᠃       ᠳᠡᠭᠡᠷ᠎ᠡ ᠳᠤᠷᠠᠳᠤᠭᠰᠠᠨ ᠬᠥᠮᠥᠰ ᠢ ᠪᠦᠭᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠬᠦ ᠪᠤᠶᠤ ᠴᠢᠩᠭᠢᠯᠢᠭ ᠡᠮᠨᠡᠯᠭᠡ ᠶᠢᠨ ᠬᠤᠷᠢᠶ᠎ᠠ ᠳᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠤᠶ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ