ᠡᠵᠡᠨ ᠬᠤᠷᠤᠭ᠎ᠠ ᠬᠤᠰᠢᠭᠤ ᠬᠢᠵᠢᠭ ᠤᠨ ᠬᠤᠭᠤᠴᠠᠭᠠᠨ ᠳᠠᠬᠢ ᠠᠴᠢᠶᠠᠨ ᠤ ᠮᠠᠰᠢᠨ᠂ ᠵᠢᠯᠣᠭᠤᠴᠢ ᠵᠢᠴᠢ ᠬᠠᠮᠲᠤ ᠠᠶᠠᠯᠠᠭᠰᠠᠳ ᠤᠨ ᠬᠠᠮᠢᠶᠠᠷᠤᠯᠳᠠ ᠶᠢ ᠴᠢᠩᠭᠠᠳᠬᠠᠬᠤ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2022/11/10
                        〔 2022〕 100 ᠳ᠋ᠤᠭᠠᠷ ᠲᠣᠭᠠᠲᠤ      ᠣᠳᠣᠬᠠᠨ ᠤ ᠬᠢᠵᠢᠭ ᠎ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠳᠤ ᠵᠣᠬᠢᠴᠠᠭᠤᠯᠣᠨ᠂ ᠦᠨᠡᠨᠬᠦ ᠪᠥᠬᠦ ᠬᠤᠰᠢᠭᠤᠨ ᠤ ᠠᠵᠥ ᠠᠬᠤᠶᠢᠯᠡᠯ ᠤᠨ ᠪᠠᠷᠠᠭ᠎ᠠ ᠬᠦᠢᠯᠭᠡᠭᠡᠨ ᠤ ᠰᠠᠭᠠᠳ ᠦᠭᠡᠢ ᠨᠡᠪᠲᠡᠷᠡᠬᠦ ᠠᠵᠢᠯ ᠢ ᠰᠠᠶᠢᠨ ᠬᠢᠵᠤ᠂ ᠵᠢᠯᠣᠭᠤᠴᠢ ᠪᠠ ᠬᠠᠮᠲᠤ ᠠᠶᠠᠯᠠᠭᠰᠠᠳ ᠤᠨ ᠬᠢᠵᠢᠭ ᠤᠨ ᠪᠠᠶᠢᠳᠠᠯ ᠢ ᠣᠨᠣᠪᠴᠢᠲᠡᠢ ᠪᠠᠷ ᠬᠢᠨᠠᠨ ᠡᠵᠡᠮᠳᠡᠬᠦ ᠪᠠᠷ ᠲᠣᠣᠷᠠᠬᠢ ᠬᠠᠮᠢᠶ᠎ᠠ ᠪᠦᠭᠦᠢ ᠵᠣᠷᠪᠣᠰ ᠢ ᠮᠡᠳᠡᠭᠳᠡᠯ᠎ᠡ᠄      1.ᠰᠠᠶᠢᠨ ᠲᠣᠷ᠎ᠡ ᠠᠴᠠ ᠪᠠᠨ ᠮᠡᠳᠡᠭᠦᠯᠦᠯᠲᠡ ᠬᠢᠵᠤ᠂ ᠤᠷᠢᠳᠴᠢᠯᠡᠵᠤ ᠪᠣᠯᠵᠣᠨ᠎ᠠ᠃  ᠠᠴᠢᠶᠠᠨ ᠤ ᠮᠠᠰᠢᠨ ᠲᠡᠷᠭᠡ ᠶᠢᠨ ᠵᠢᠯᠣᠭᠤᠴᠢ ᠪᠣᠯᠣᠨ ᠬᠠᠮᠲᠤ ᠠᠶᠠᠯᠠᠭᠰᠠᠳ ᠡᠷᠭᠡᠪᠰᠢ ᠲᠣᠬᠠᠢ ᠶᠢᠨ ᠭᠠᠵᠠᠷ ᠤᠨ ᠬᠢᠵᠢᠭ ᠎ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠨ᠂ ᠡᠯ᠎ᠡ ᠲᠦᠷᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠲᠥᠷᠢᠮ ᠲᠣᠭᠲᠠᠭᠠᠯ ᠢ ᠰᠠᠬᠢᠬᠤ ᠬᠡᠷᠡᠭᠲᠡᠢ᠃ ᠤᠷᠢᠳᠴᠢᠯᠡᠨ ᠣᠴᠢᠬᠤ ᠭᠠᠵᠠᠷ ᠤᠨ ᠢᠶᠠᠨ ᠠᠵᠥ ᠠᠬᠤᠶᠢᠯᠡᠯ ᠲᠠᠢ ᠪᠣᠯᠵᠣᠨ ᠦᠨᠡᠨ ᠮᠥᠨ ᠢᠶᠠᠷ ᠢᠶᠠᠨ ᠲᠡᠷᠭᠡ ᠣᠨᠤᠭ᠎ᠠ ᠪᠣᠯᠣᠨ ᠬᠠᠮᠲᠤ ᠠᠶᠠᠯᠠᠭᠰᠠᠳ ᠤᠨ ᠰᠣᠷᠠᠭ ᠵᠠᠩᠭᠢ᠂ ᠣᠴᠢᠬᠤ ᠭᠠᠵᠠᠷ ᠪᠣᠯᠣᠨ ᠶᠠᠪᠣᠵᠤ ᠢᠷᠡᠭᠰᠡᠨ ᠵᠠᠮ ᠮᠦᠷ ᠪᠠ ᠮᠠᠨ ᠤ ᠬᠤᠰᠢᠭᠤᠨ ᠠᠴᠠ ᠣᠷᠣᠵᠤ ᠭᠠᠷᠬᠤ ᠴᠠᠭ ᠵᠡᠷᠭᠡ ᠪᠠᠨ ᠲᠣᠳᠣᠷᠬᠠᠢ ᠲᠣᠰᠢᠶᠠᠬᠤ ᠬᠡᠷᠡᠭᠲᠡᠢ᠃ ᠬᠤᠳᠠᠯ ᠮᠡᠳᠡᠭᠦᠯᠵᠤ᠂ ᠨᠢᠭᠤᠵᠤ ᠳᠠᠯᠳᠠᠯᠠᠵᠤ ᠪᠣᠯᠬᠤ ᠦᠭᠡᠢ᠃      2.ᠪᠡᠶ᠎ᠡ ᠶᠢᠨ ᠲᠤᠯᠠᠭᠠᠨ ᠢᠶᠠᠨ ᠬᠡᠮᠵᠢᠭᠦᠯᠵᠦ ᠺᠤᠳ᠋ ᠰᠢᠷᠪᠢᠨ᠂ ᠲᠠᠷᠣᠢ ᠲᠦᠷᠭᠡᠨ ᠦᠯᠢᠭᠡᠷ ᠬᠡᠪ ᠢᠶᠠᠨ ᠠᠪᠣᠭᠤᠯᠣᠨ᠎ᠠ᠃ ᠲᠡᠷᠭᠡ ᠣᠨᠤᠭ᠎ᠠ ᠶᠢ ᠪᠠᠶᠢᠴᠠᠭᠠᠬᠤ ᠴᠡᠭ ᠲᠤ ᠬᠦᠷᠦᠭᠰᠡᠨ ᠤ ᠲᠠᠷᠠᠭ᠎ᠠ᠂ ᠵᠢᠯᠣᠭᠤᠴᠢ ᠪᠣᠯᠣᠨ ᠬᠠᠮᠲᠤ ᠠᠶᠠᠯᠠᠭᠰᠠᠳ ᠰᠠᠶᠢᠨ ᠲᠣᠷ᠎ᠡ ᠠᠴᠠ ᠪᠠᠨ ᠪᠡᠶ᠎ᠡ ᠶᠢᠨ ᠲᠤᠯᠠᠭᠠᠨ ᠢᠶᠠᠨ ᠬᠡᠮᠵᠢᠭᠦᠯᠵᠤ ᠺᠤᠳ᠋ ᠰᠢᠷᠪᠢᠨ ᠂ 48 ᠴᠠᠭ ᠤᠨ ᠲᠣᠳᠣᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠭᠠᠷᠭᠠᠨ ᠪᠢᠲᠡᠭᠦᠮᠵᠢᠯᠡᠭᠰᠡᠨ ᠬᠠᠭᠤᠳᠠᠰᠤ ᠨᠠᠭᠠᠵᠤ ᠪᠠᠶᠢᠪᠠᠯ ᠮᠠᠨ ᠤ ᠬᠤᠰᠢᠭᠤᠨ ᠳᠤ ᠣᠷᠣᠵᠤ ᠪᠣᠯᠣᠨ᠎ᠠ᠃ ᠬᠤᠲᠠ ᠶᠢᠨ ᠭᠠᠳᠠᠨ᠎ᠠ ᠠᠴᠠ ᠢᠷᠡᠭᠰᠡᠨ ᠬᠦᠮᠦᠰ ᠣᠷᠣᠵᠤ ᠢᠷᠡᠬᠦ ᠳᠤ ᠪᠠᠨ ᠪᠠᠶᠢᠴᠠᠭᠠᠬᠤ ᠴᠡᠭ ᠲᠡᠭᠡᠷ᠎ᠡ ᠵᠠᠪᠠᠯ ᠬᠠᠷᠢᠶᠠᠨ ᠳᠤ ᠤᠷᠤᠬᠰᠠᠨ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠤ᠂  ᠪᠠᠷᠠᠮᠠᠭᠴᠠ ᠪᠠᠨ ᠶᠠᠪᠣᠵᠤ ᠪᠣᠯᠣᠨ᠎ᠠ᠃      3.ᠪᠢᠲᠡᠭᠦᠮᠵᠢᠯᠡᠭᠰᠡᠨ ᠬᠠᠮᠢᠶᠠᠷᠣᠯᠲᠠ ᠬᠢᠵᠦ᠂ ᠪᠠᠷᠠᠭ᠎ᠠ ᠪᠠᠨ ᠲᠦᠷᠭᠡᠨ ᠪᠠᠭᠤᠯᠭᠠᠵᠤ᠂ ᠰᠠᠪᠠᠯᠠᠬᠤ ᠬᠡᠷᠡᠭᠲᠡᠢ᠃ ᠪᠠᠷᠡᠭᠠᠨ ᠤ ᠲᠡᠷᠭᠡ ᠣᠨᠤᠭ᠎ᠠ ᠮᠠᠨ ᠤ ᠬᠤᠰᠢᠭᠤᠨ ᠳᠤ ᠪᠠᠶᠢᠬᠤ ᠬᠤᠭᠤᠴᠠᠭᠠᠨ ᠳᠤ ᠪᠥᠬᠦ ᠶᠠᠪᠣᠴᠠ ᠳᠤ ᠪᠢᠲᠡᠭᠦᠮᠵᠢᠯᠡᠭᠰᠡᠨ ᠬᠠᠭᠤᠳᠠᠰᠤ ᠶᠢ ᠨᠠᠭᠠᠵᠤ᠂ ᠲᠣᠭᠲᠠᠭᠰᠠᠨ ᠪᠠᠷᠠᠭ᠎ᠠ ᠶᠢ ᠲᠣᠭᠲᠠᠭᠰᠠᠨ ᠪᠢᠲᠡᠭᠦᠮᠵᠢᠯᠡᠭᠰᠡᠨ ᠴᠡᠭ ᠲᠤ ᠬᠦᠷᠭᠡᠵᠤ᠂ ᠵᠢᠯᠣᠭᠤᠴᠢ ᠪᠣᠯᠣᠨ ᠬᠠᠮᠲᠤ ᠠᠶᠠᠯᠠᠭᠰᠠᠳ ᠲᠤ ᠰᠢᠭᠤᠳ ᠨᠡᠪᠲᠡᠷᠡᠬᠦ ᠬᠠᠮᠢᠶᠠᠷᠤᠯᠳᠠ ᠬᠢᠬᠦ ᠶᠢ ᠪᠠᠲᠣᠯᠠᠨ᠎ᠠ᠃ ᠲᠡᠷᠭᠡᠨ ᠤ ᠭᠠᠳᠠᠨ᠎ᠠ ᠬᠦᠮᠦᠨ ᠲᠠᠢ ᠣᠶᠢᠷᠠᠳᠴᠤ ᠪᠣᠯᠬᠤ ᠦᠭᠡᠢ᠃ ᠲᠣᠷ᠎ᠡ ᠪᠠᠷ ᠵᠠᠮ ᠱᠣᠭᠤᠮ ᠢᠶᠠᠨ ᠥᠭᠡᠷᠡᠴᠢᠯᠡᠵᠤ᠂ ᠪᠢᠲᠡᠭᠦᠮᠵᠢᠯᠡᠭᠰᠡᠨ ᠬᠠᠭᠤᠳᠠᠰᠤ ᠶᠢ ᠤᠷᠠᠵᠤ ᠬᠠᠶᠠᠨ ᠲᠡᠷᠭᠡᠨ ᠠᠴᠠ ᠪᠠᠭᠤᠵᠤ ᠪᠣᠯᠬᠤ ᠦᠭᠡᠢ᠃ ᠲᠣᠭᠲᠠᠭᠰᠠᠨ ᠭᠠᠵᠠᠷ ᠲᠤ ᠵᠣᠭᠰᠣᠨ᠂ ᠲᠣᠭᠲᠠᠭᠰᠠᠨ ᠪᠠᠷᠠᠭ᠎ᠠ ᠲᠠᠸᠠᠷ ᠢᠶᠠᠨ ᠪᠠᠭᠤᠯᠭᠠᠬᠤ ᠪᠣᠶᠤ ᠰᠠᠪᠠᠯᠠᠵᠤ ᠲᠠᠷᠣᠢ ᠎ ᠳᠤᠨᠢ ᠶᠠᠪᠣᠬᠤ ᠬᠡᠷᠡᠭᠲᠡᠢ᠃ ᠬᠡᠷᠪᠡ ᠵᠢᠯᠣᠭᠤᠴᠢ ᠪᠣᠯᠣᠨ ᠬᠠᠮᠲᠤ ᠠᠶᠠᠯᠠᠭᠰᠠᠳ ᠮᠠᠨ ᠤ ᠬᠤᠰᠢᠭᠤᠨ ᠤ ᠬᠡᠪᠴᠢᠶᠡᠨ ᠳᠤ ᠲᠣᠷ᠎ᠡ ᠪᠠᠷ ᠢᠶᠠᠨ ᠪᠢᠲᠡᠭᠦᠮᠵᠢᠯᠡᠭᠰᠡᠨ ᠬᠠᠭᠤᠳᠠᠰᠤ ᠪᠠᠨ ᠠᠪᠴᠤ ᠬᠠᠶᠠᠨ ᠲᠡᠷᠭᠡᠨ ᠠᠴᠠ ᠪᠠᠭᠤᠭᠰᠠᠨ ᠪᠠᠶᠢᠪᠠᠯ᠂ ᠲᠣᠳᠣᠭᠠᠲᠤ ᠶᠢ ᠬᠠᠮᠠᠭᠠᠯᠠᠬᠤ ᠪᠠᠶᠢᠭᠤᠯᠣᠮᠵᠢ ᠪᠣᠯᠣᠨ ᠵᠠᠮ ᠬᠠᠷᠢᠯᠴᠠᠭᠠᠨ ᠤ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠪᠠᠶᠢᠭᠤᠯᠣᠮᠵᠢ ᠠᠴᠠ ᠬᠢᠵᠢᠭ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠭᠦᠢ ᠬᠠᠤᠯᠢ ᠲᠣᠭᠲᠠᠭᠠᠯ ᠶᠣᠰᠣᠭᠠᠷ ᠰᠢᠳᠭᠡᠯ ᠦᠵᠡᠭᠦᠯᠦᠨ᠎ᠡ᠃ ᠬᠢᠵᠢᠭ ᠲᠠᠷᠬᠠᠭᠠᠭᠰᠠᠨ ᠪᠠᠶᠢᠪᠠᠯ ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠭᠡᠮᠵᠢᠯᠡᠨ᠎ᠡ᠃      4.ᠲᠣᠬᠠᠢ ᠶᠢᠨ ᠲᠠᠯᠠᠪᠠᠢ ᠳᠤᠨᠢ ᠰᠡᠷᠡᠮᠵᠢᠯᠡᠬᠦᠯᠵᠦ᠂ ᠬᠠᠷᠢᠭᠤᠴᠠᠯᠭ᠎ᠠ ᠶᠢ ᠲᠣᠳᠣᠷᠬᠠᠢ ᠪᠣᠯᠭᠠᠨ᠎ᠠ᠃ ᠡᠯ᠎ᠡ ᠪᠠᠶᠢᠴᠠᠭᠠᠬᠤ ᠴᠡᠭ ᠤᠯᠠᠮ ᠨᠢᠭᠡ ᠠᠯᠬᠤᠮ ᠬᠠᠷᠢᠭᠤᠴᠠᠯᠭ᠎ᠠ ᠶᠢ ᠲᠣᠳᠣᠷᠬᠠᠢ ᠪᠣᠯᠭᠠᠵᠤ᠂ ᠮᠠᠨ ᠤ ᠬᠤᠰᠢᠭᠤᠨ ᠳᠤ ᠣᠷᠣᠵᠤ ᠢᠷᠡᠬᠦ ᠠᠴᠢᠶᠠᠨ ᠤ ᠮᠠᠰᠢᠨ ᠤ ᠵᠢᠯᠣᠭᠤᠴᠢ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠰᠠᠨᠠᠭᠤᠯᠵᠤ ᠬᠡᠯᠡᠵᠤ ᠥᠭᠬᠦ ᠬᠡᠷᠡᠭᠲᠡᠢ᠃ ᠡᠯ᠎ᠡ ᠦᠢᠯᠡᠳᠪᠦᠷᠢ ᠠᠵᠥ ᠠᠬᠤᠶᠢᠯᠡᠯ ᠤᠨ ᠬᠢᠨ ᠪᠥᠬᠦ ᠶᠠᠪᠣᠴᠠ ᠶᠢᠨ ᠵᠣᠬᠢᠴᠠᠭᠤᠯᠬᠤ ᠠᠵᠢᠯ ᠢ ᠰᠠᠶᠢᠳᠣᠷ ᠬᠢᠵᠤ᠂ ᠴᠠᠭ ᠲᠠᠷᠣᠢ ᠳᠤᠨᠢ ᠣᠨᠣᠪᠴᠢᠲᠡᠢ ᠪᠠᠷ ᠣᠷᠣᠵᠤ ᠢᠷᠡᠬᠦ ᠲᠡᠷᠭᠡ ᠣᠨᠤᠭ᠎ᠠ᠂ ᠵᠢᠯᠣᠭᠤᠴᠢ ᠪᠣᠯᠣᠨ ᠬᠠᠮᠲᠤ ᠠᠶᠠᠯᠠᠭᠰᠠᠳ ᠤᠨ ᠰᠣᠷᠠᠭ ᠵᠠᠩᠭᠢ ᠶᠢ ᠳᠠᠩᠰᠠᠯᠠᠵᠤ᠂ ᠮᠠᠨ ᠤ ᠬᠤᠰᠢᠭᠤᠨ ᠤ ᠬᠢᠵᠠᠭᠠᠷ ᠲᠤ ᠪᠠᠶᠢᠬᠤ ᠳᠤ ᠪᠠᠨ ᠲᠣᠷ᠎ᠡ ᠪᠠᠷ ᠢᠶᠠᠨ ᠪᠢᠲᠡᠭᠦᠮᠵᠢᠯᠡᠭᠰᠡᠨ ᠬᠠᠭᠤᠳᠠᠰᠤ ᠶᠢ ᠤᠷᠠᠨ ᠲᠡᠷᠭᠡᠨ ᠠᠴᠠ ᠪᠠᠭᠤᠭᠰᠠᠨ ᠢ ᠢᠯᠡᠷᠡᠭᠦᠯᠦᠭᠰᠡᠨ ᠪᠠᠶᠢᠪᠠᠯ ᠪᠠᠷᠠᠭ᠎ᠠ ᠪᠠᠭᠤᠯᠭᠠᠵᠤ᠂ ᠰᠠᠪᠠᠯᠠᠬᠤ ᠶᠢ ᠵᠠᠪᠠᠯ ᠵᠣᠭᠰᠣᠭᠠᠭᠰᠠᠨ ᠪᠠᠶᠢᠬᠤ ᠬᠡᠷᠡᠭᠲᠡᠢ᠃ ᠬᠡᠷᠪᠡ ᠬᠠᠮᠢᠶ᠎ᠠ ᠪᠦᠭᠦᠢ ᠠᠵᠥ ᠠᠬᠤᠶᠢᠯᠡᠯ ᠭᠤᠣᠯ ᠬᠠᠷᠢᠭᠤᠴᠠᠯᠭ᠎ᠠ ᠪᠠᠨ ᠬᠦᠢᠴᠡᠳᠭᠡᠵᠤ ᠴᠢᠳᠠᠭᠰᠠᠨ ᠦᠭᠡᠢ ᠪᠠᠶᠢᠪᠠᠯ ᠪᠠᠶᠢᠴᠠᠭᠠᠵᠤ ᠣᠯᠣᠭᠰᠠᠨ ᠤ ᠲᠠᠷᠠᠭ᠎ᠠ ᠬᠠᠮᠢᠶ᠎ᠠ ᠪᠦᠭᠦᠢ ᠲᠣᠭᠲᠠᠭᠠᠯ ᠶᠣᠰᠣᠭᠠᠷ ᠦᠢᠯᠡᠳᠪᠦᠷᠢᠯᠡᠯ ᠢ ᠎ ᠨᠢ ᠵᠣᠭᠰᠣᠭᠠᠵᠤ᠂ ᠬᠠᠯᠠᠨ ᠰᠠᠶᠢᠵᠢᠷᠠᠭᠤᠯᠣᠯᠲᠠ ᠬᠢᠨ᠎ᠡ᠃      ᠡᠵᠡᠨ ᠬᠤᠷᠤᠭ᠎ᠠ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ  0477- 8691824      ᠡᠵᠡᠨ ᠬᠤᠷᠤᠭ᠎ᠠ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠲᠣᠭᠤᠶᠢᠯᠠᠩ 0477- 8681617      ᠡᠵᠡᠨ ᠬᠤᠷᠤᠭ᠎ᠠ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠨᠡᠶᠢᠭᠡᠮ ᠤᠨ ᠬᠠᠮᠢᠶᠠᠷᠤᠨ ᠡᠵᠡᠮᠳᠡᠬᠦ ᠲᠣᠭᠤᠶᠢᠯᠠᠩ 0477—8687110      ᠡᠵᠡᠨ ᠬᠤᠷᠤᠭ᠎ᠠ ᠬᠤᠰᠢᠭᠤᠨ ᠤ ᠡᠪᠡᠳᠴᠢᠨ  ᠡᠮᠭᠡᠭ ᠢ  ᠰᠡᠷᠬᠡᠶᠢᠯᠡᠨ ᠡᠵᠡᠮᠳᠡᠬᠦ ᠲᠥᠪ 0477—8684296      ᠠᠯᠲᠠᠨᠰᠢᠷᠡᠭᠡ ᠪᠠᠯᠭᠠᠰᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ  0477—8969144       ᠤᠯᠭᠠᠨᠮᠦ᠋ᠷᠡᠨ ᠪᠠᠯᠭᠠᠰᠤ ᠵᠢᠨ‌‍ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ 0477—8930203      ᠡᠵᠡᠨ ᠬᠤᠷᠤᠭ᠎ᠠ ᠪᠠᠯᠭᠠᠰᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ 0477—8961032      ᠵᠠᠰᠠᠭ ᠪᠠᠯᠭᠠᠰᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ0477—8951014      ᠨᠠᠷᠢᠨᠳᠣᠬᠤᠢ ᠪᠠᠯᠭᠠᠰᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ  ᠵᠢᠯᠣᠭᠤᠳᠬᠤ ᠭᠠᠵᠠᠷ 0477—8871099      ᠬᠤᠨᠢᠴᠢᠠᠭᠤᠣᠯ ᠪᠠᠯᠭᠠᠰᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ  ᠵᠢᠯᠣᠭᠤᠳᠬᠤ ᠭᠠᠵᠠᠷ 0477—8821337      ᠰᠣᠪᠣᠷᠭ᠎ᠠ ᠪᠠᠯᠭᠠᠰᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ 0477—8831666                              ᠡᠵᠡᠨ ᠬᠤᠷᠤᠭ᠎ᠠ ᠬᠤᠰᠢᠭᠤᠨ ᠤ ᠬᠢᠵᠢᠭ ᠤᠨ ᠪᠠᠶᠢᠳᠠᠯ ᠢ                             ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                               2022 ᠣᠨ ᠤ 11 ᠳ᠋ᠦ᠋ᠭᠡᠷ ᠰᠠᠷ᠎ᠠ ᠶᠢᠨ 9᠎ ᠤ ᠡᠳᠦᠷ 
ᠢᠷᠡᠯᠲᠡ᠄ ᠲᠤᠰ ᠰᠦᠯᠵᠢᠶ᠎ᠡ