ᠬᠠᠶᠢᠷ᠎ᠠ ᠬᠠᠯᠠᠮᠵᠢᠲᠤ ᠠᠵᠤ ᠠᠬᠤᠶᠢᠯᠠᠯ ᠬᠥᠮᠦᠰ ᠤᠨ ᠰᠡᠳᠬᠢᠯ ᠢ ᠳᠤᠯᠠᠭᠠᠴᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2022/11/15
      ᠤᠶᠢᠷ᠎ᠠ ᠳᠤ᠂ ᠥᠪᠥᠷ ᠮᠣᠩᠭᠤᠯ ᠤᠨ ᠳ᠋ᠠ ᠶᠦᠨ ᡁᠢ ᠲᠦᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠨᠠᠷᠢᠨᠳᠤᠬᠤᠢ ᠪᠠᠯᠭᠠᠰᠤᠨ ᠤ  ᠲᠣᠬᠤᠢ ᠶᠢᠨ ᠵᠤᠤ ᠲᠣᠰᠬᠤᠨ ᠳᠤ ᠭᠦᠨᠵᠡᠭᠡᠶᠢᠷᠡᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠲᠤᠬᠠᠶ ᠶᠢᠨ ᠡᠳᠦᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤᠷᠢᠳ ᠬᠤᠵᠢᠳ ᠬᠤᠶᠠᠷ ᠬᠦᠨᠳᠦ ᠡᠪᠡᠳᠴᠢᠨ ᠲᠠᠢ ᠬᠦᠴᠢᠷᠳᠡᠯᠲᠡᠶ ᠡᠷᠦᠬᠡ ᠳᠤ ᠬᠦᠷᠴᠦ᠂ ᠲᠡᠳᠡᠨ ᠳᠤ ᠲᠣᠬᠤᠨᠢᠭᠤᠯᠬᠤ ᠪᠣᠳᠠᠰ ᠬᠦᠷᠭᠡᠭᠰᠡᠨ ᠪᠥᠭᠡᠳ ᠡᠳᠦᠷ ᠲᠤᠲᠤᠮ ᠤᠨ ᠠᠮᠢᠳᠤᠷᠠᠯ ᠪᠠ ᠣᠶᠢᠷ᠎ᠠ ᠶᠢᠨ ᠬᠤᠭᠤᠴᠠᠭᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠢ ᠢᠲᠡᠭᠡᠯ ᠵᠣᠷᠢᠭ ᠢᠶᠠᠨ ᠬᠥᠪᠴᠢᠯᠡᠵᠦ᠂ ᠢᠳᠡᠪᠬᠢᠲᠡᠶ ᠡᠮᠨᠡᠨ ᠵᠠᠰᠠᠵᠤ᠂ ᠡᠷᠲᠡᠬᠡᠨ ᠡᠷᠡᠭᠦᠯᠵᠢᠬᠦ ᠶᠢ ᠵᠣᠷᠢᠭᠵᠢᠭᠤᠯᠪᠠ᠃      ᠲᠤᠰ ᠤᠳᠠᠭᠠᠨ ᠤ ᠠᠵᠢᠯᠯᠠᠭ᠎ᠠ ᠨᠢ᠂ ᠬᠦᠴᠢᠷᠳᠡᠯᠲᠡᠶ ᠣᠯᠠᠨ ᠲᠦᠮᠡᠨ ᠳᠤ ᠡᠳ᠋ ᠪᠣᠳᠠᠰ ᠪᠠ ᠣᠶᠤᠨ ᠰᠠᠨᠠᠭᠠᠨ ᠤ ᠲᠠᠯ᠎ᠠ ᠪᠠᠷ ᠬᠠᠶᠢᠷ᠎ᠠ ᠬᠠᠯᠠᠮᠵᠢ ᠬᠦᠷᠭᠡᠭᠰᠡᠨ ᠢᠶᠠᠷ ᠪᠠᠷᠠᠬᠤ ᠥᠬᠡᠶ᠂ ᠨᠠᠩ ᠴᠤ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠶ ᠭᠦᠢᠴᠡᠳᠭᠡᠬᠦ ᠡᠭᠦᠷᠭᠡᠯᠡᠯ ᠢ ᠢᠯᠡᠷᠡᠭᠦᠯᠪᠡ᠃ ᠲᠠᠷᠠᠭᠠᠴᠢ ᠶᠢᠨ ᠠᠯᠬᠤᠮ ᠳᠤ᠂ ᠠᠵᠤ ᠠᠬᠤᠶᠢᠯᠠᠯ ᠠᠴᠠ ᠦᠷᠭᠦᠯᠵᠢᠯᠡᠨ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠬᠦ︾ ᠦᠢᠯᠡᠳᠦᠯᠭᠡ ᠶᠢᠨ ᠠᠵᠢᠯᠯᠠᠭ᠎ᠠ ᠶᠢᠨ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠤᠯᠠᠨ ᠲᠦᠮᠡᠨ ᠲᠠᠢ ᠬᠠᠷᠢᠯᠴᠠᠬᠤ᠂ ᠤᠯᠠᠨ ᠲᠦᠮᠡᠨ ᠤ ᠰᠠᠨᠠᠯ ᠢ ᠰᠣᠨᠣᠰᠬᠤ᠂ ᠤᠯᠠᠨ ᠲᠦᠮᠡᠨ ᠳᠤ ᠦᠢᠯᠡᠴᠢᠯᠡᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠬᠦᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠠᠷ ᠪᠠᠶᠢᠨ᠎ᠠ᠃ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ