ᠬᠤᠰᠢᠭᠤᠨ ᠤ ᠠᠩᠬᠠᠳᠠᠭᠴᠢ ︽24 ᠴᠠᠭ ᠤᠨ ᠠᠷᠠᠳ ᠲᠤ ᠲᠥᠬᠦᠮ ᠦᠵᠡᠭᠦᠯᠬᠦ ᠡᠮ ᠤᠨ ᠲᠡᠯᠬᠡᠬᠦᠷ︾ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2022/11/16
      ᠣᠶᠢᠷ᠎ᠠ ᠳᠤ᠂ ᠡᠵᠡᠨ ᠬᠤᠷᠤᠭ᠎ᠠ ᠬᠤᠰᠢᠭᠤᠨ ᠤ ᠠᠩᠬᠠᠳᠠᠭᠴᠢ ︽24 ᠴᠠᠭ ᠤᠨ ᠠᠷᠠᠳ ᠲᠤ ᠲᠥᠬᠦᠮ ᠦᠵᠡᠭᠦᠯᠬᠦ ᠡᠮ ᠤᠨ ᠲᠡᠯᠬᠡᠬᠦᠷ︾ ᠵᠢᠩᠬᠢᠨᠢ ᠪᠠᠷ ᠠᠰᠢᠭᠯᠠᠯᠲᠠ ᠳᠤ ᠣᠷᠣᠪᠠ᠃       ᠲᠤᠰ ᠡᠮ ᠤᠨ ᠳᠡᠯᠭᠡᠭᠦᠷ ᠨᠢ ᠠᠯᠳᠠᠨᠰᠢᠷᠡᠭᠡ ᠪᠠᠯᠭᠠᠰᠤᠨ ᠤ ᠵᠠᠰᠠᠭ ᠵᠡᠭᠡᠯᠢ ᠳᠤ ᠪᠠᠶᠢᠵᠤ᠂ ᠡᠮ ᠤᠨ ᠲᠡᠯᠬᠡᠬᠦᠷ ᠲᠤ 180 ᠪᠠᠷᠠᠭᠠᠨ ᠲᠠᠯᠪᠢᠭᠤᠷ ᠢ ᠲᠣᠬᠢᠷᠠᠭᠤᠯᠵᠤ᠂ ᠣᠳᠣᠬᠠᠨ ᠳᠤ ᠪᠠᠶᠢᠩᠭᠤ ᠬᠡᠷᠡᠭᠯᠡᠳᠡᠭ ᠵᠣᠷ ᠤᠨ ᠪᠤᠰᠤ ᠡᠮ ᠵᠢᠴᠢ ᠪᠠᠶᠢᠩᠭᠤ ᠬᠡᠷᠡᠭᠯᠡᠳᠡᠭ ᠨᠢᠭᠡᠳᠦᠭᠡᠷ᠂ ᠬᠤᠶᠠᠳᠤᠭᠠᠷ ᠲᠥᠷᠥᠯ ᠤᠨ ᠡᠮᠴᠢᠯᠡᠭᠡᠨ ᠤ ᠪᠠᠭᠠᠵᠢ ᠬᠡᠷᠡᠭᠰᠡᠯ 80 ᠭᠠᠷᠤᠶ ᠵᠤᠶᠢᠯ ᠪᠠᠶᠢᠵᠤ᠂ ᠲᠤᠬᠳᠠᠩᠭᠤᠢ ᠳᠤᠯᠠᠭᠠᠨ ᠪᠠ ᠲᠤᠬᠳᠠᠩᠭᠤᠢ ᠴᠢᠭᠢᠭ ᠤᠨ ᠡᠵᠡᠮᠰᠢᠯ ᠢ  ᠪᠡᠶᠡᠯᠡᠬᠦᠯᠦᠨ᠂ ᠭᠠᠷ ᠤᠲᠠᠰᠤᠨ ᠤ ᠠᠷᠤ ᠶᠢᠨ ᠲᠠᠪᠴᠠᠩ ᠤᠨ ᠵᠥᠭᠡᠯᠡᠨ ᠲᠣᠨᠤᠭ ᠨᠢ ᠳᠤᠯᠠᠭᠠᠨ ᠤ ᠬᠡᠮᠵᠢᠶ᠎ᠡ ᠪᠠ ᠴᠢᠭᠢᠭ ᠤᠨ ᠬᠡᠮᠵᠢᠶ᠎ᠡ ᠶᠢ ᠴᠠᠭ ᠲᠤᠬᠠᠶ ᠳᠤ ᠨᠢ ᠬᠢᠨᠠᠨ ᠡᠵᠡᠮᠳᠡᠬᠦ ᠶᠢᠨ ᠬᠠᠮᠲᠤ ᠲᠡᠮᠳᠡᠭᠯᠡᠭᠰᠡᠨ ᠪᠠᠶᠢᠳᠠᠯ ᠢ ᠳᠡᠭᠡᠭᠰᠢ ᠳᠠᠮᠵᠢᠭᠤᠯᠵᠤ᠂  ᠡᠮ ᠪᠠ ᠡᠮ ᠤᠨ ᠪᠠᠭᠠᠵᠢ ᠬᠡᠷᠡᠭᠰᠡᠯ ᠢ ᠬᠠᠳᠠᠭᠠᠯᠠᠵᠤ ᠪᠠᠶᠢᠭ᠎ᠠ ᠤᠷᠴᠢᠨ ᠨᠥᠬᠦᠴᠡᠯ ᠢ ᠴᠠᠭ ᠲᠤᠬᠠᠶ ᠳᠤ ᠨᠢ ᠡᠵᠡᠮᠰᠢᠵᠤ ᠴᠢᠳᠠᠭᠰᠠᠨ ᠪᠠᠶᠢᠨ᠎ᠠ᠃       ᠣᠶᠢᠯᠠᠭᠠᠭᠰᠠᠨ ᠢᠶᠠᠷ᠂ ︽24 ᠴᠠᠭ ᠤᠨ ᠠᠷᠠᠳ ᠲᠤ ᠲᠥᠬᠦᠮ ᠦᠵᠡᠭᠦᠯᠬᠦ ᠡᠮ ᠤᠨ ᠬᠡᠷ︾᠎ ᠨᠢ ᠡᠷᠬᠡᠪᠰᠢ ᠬᠠᠤᠯᠢ ᠶᠣᠰᠣᠭᠠᠷ ︽ᠡᠵᠡᠩᠨᠡᠯᠲᠡ ᠶᠢᠨ ᠦᠨᠡᠮᠯᠡᠯ︾᠂ ︽ᠡᠮ ᠤᠨ ᠵᠦᠢᠯᠡᠰ ᠢ ᠡᠵᠡᠩᠨᠡᠬᠦ ᠵᠥᠪᠰᠢᠶᠡᠷᠡᠯ ᠤᠨ ᠦᠨᠡᠮᠯᠡᠯ︾᠂ ︽ᠬᠤᠶᠠᠳᠤᠭᠠᠷ ᠲᠥᠷᠥᠯ ᠤᠨ ᠡᠮᠴᠢᠯᠡᠭᠡᠨ ᠤ ᠪᠠᠭᠠᠵᠢ ᠬᠡᠷᠡᠭᠰᠡᠯ ᠤᠨ ᠡᠵᠡᠩᠨᠡᠯᠲᠡ ᠶᠢᠨ ᠳᠠᠩᠰᠠᠯᠠᠭᠤᠯᠤᠭᠰᠠᠨ ᠭᠡᠷᠡᠴᠢ ᠪᠠᠷᠢᠮᠲᠠ︾ ᠣᠯᠤᠭᠰᠠᠨ ᠡᠮ ᠤᠨ ᠵᠦᠢᠯᠡᠰ ᠢ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠪᠠᠶᠢᠬᠤ ᠬᠡᠷᠡᠭᠲᠡᠶ᠂  ᠦᠪᠡᠷ ᠤᠨ ᠢᠶᠠᠨ ᠡᠮ ᠤᠨ ᠳᠡᠯᠭᠡᠭᠦᠷ ᠤᠨ ᠳᠠᠩᠰᠠᠯᠠᠭᠤᠯᠤᠭᠰᠠᠨ ᠬᠠᠶ᠋ᠢᠭ ᠲᠤ ᠪᠠᠨ ᠲᠦᠰᠢᠭᠯᠡᠨ ᠡᠮ ᠬᠤᠳᠠᠯᠳᠤᠬᠤ ᠠᠦ᠋ᠲ᠋ᠣ᠋ ᠮᠠᠰᠢᠨ ᠭᠠᠷᠭᠠᠵᠤ ᠪᠣᠯᠤᠨ᠎ᠠ᠂ ᠳᠠᠩᠰᠠᠯᠠᠭᠤᠯᠤᠭᠰᠠᠨ ᠬᠠᠶ᠋ᠢᠭ ᠠᠴᠠ ᠪᠠᠨ ᠭᠠᠳᠠᠨ᠎ᠠ ᠡᠮ ᠬᠤᠳᠠᠯᠳᠤᠬᠤ ᠠᠦ᠋ᠲ᠋ᠣ᠋ ᠮᠠᠰᠢᠨ ᠭᠠᠷᠭᠠᠭᠰᠠᠨ ᠴᠤ ᠪᠣᠯᠤᠨ᠎ᠠ᠃      ᠲᠣᠰ ᠡᠮ ᠤᠨ ᠳᠡᠯᠭᠡᠭᠦᠷ ᠢ ᠡᠬᠢᠯᠡᠨ ᠬᠡᠷᠡᠭᠯᠡᠭᠰᠡᠨ ᠨᠢ ᠣᠯᠠᠨ ᠲᠦᠮᠡᠨ ᠤ ᠰᠥᠨᠢ  ᠲᠤᠮᠳᠠ ᠡᠮ ᠬᠤᠳᠠᠯᠳᠤᠨ ᠠᠪᠬᠤ ᠳᠤ ᠬᠦᠴᠢᠷ ᠪᠠᠶᠢᠬᠤ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠰᠣᠯᠪᠢᠴᠠᠨ ᠬᠠᠯᠳᠠᠪᠤᠷᠢᠯᠠᠬᠤ ᠲᠦᠭᠰᠢᠭᠦᠷᠢ ᠶᠡᠭᠡ ᠪᠠᠶᠢᠬᠤ ᠵᠡᠷᠭᠡ ᠠᠰᠠᠭᠤᠳᠠᠯ ᠢ ᠦᠨᠡᠨ ᠬᠦ  ᠰᠢᠢᠳᠪᠤᠷᠢᠯᠡᠵᠦ᠂ ᠪᠥᠬᠦ ᠬᠤᠰᠢᠭᠤᠨ ᠤ ᠡᠮ ᠤᠨ ᠵᠤᠶᠢᠯᠡᠰ ᠢ ᠵᠢᠵᠢᠭᠯᠡᠨ ᠬᠤᠳᠠᠯᠳᠤᠬᠤ ᠠᠵᠢᠯ ᠲᠥᠷᠥᠯ ᠤᠨ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠵᠠᠭᠪᠤᠷ ᠢ ᠡᠬᠢᠯᠡᠭᠦᠯᠬᠦ ᠶᠢ  ᠠᠬᠢᠭᠤᠯᠤᠭᠰᠠᠨ ᠪᠠᠶᠢᠨ᠎ᠠ᠃       ᠲᠠᠷᠠᠭᠠᠴᠢ ᠶᠢᠨ ᠠᠯᠬᠤᠮ ᠳᠤ᠂ ᠡᠵᠡᠨ ᠬᠤᠷᠤᠭ᠎ᠠ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠷᠠᠭᠠᠴᠢ ᠶᠢᠨ ᠣᠶᠤᠨᠴᠢ ᠡᠮ ᠤᠨ ᠳᠡᠯᠭᠡᠭᠦᠷ ᠤᠨ ᠬᠡᠷᠡᠭᠵᠢᠭᠦᠯᠦᠯᠲᠡ ᠪᠠ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠶᠢᠨ ᠬᠠᠮᠲᠤ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠯᠲᠠ ᠬᠢᠬᠦ ᠬᠡᠯᠪᠡᠷᠢ ᠪᠠᠷ ᠨᠡᠶᠢᠭᠡᠮ ᠤᠨ ᠡᠯ᠎ᠡ ᠡᠲᠡᠭᠡᠳ ᠤᠨ ᠰᠠᠨᠠᠯ ᠰᠠᠨᠠᠭᠤᠯᠭ᠎ᠠ ᠶᠢ ᠰᠣᠨᠣᠰᠴᠤ᠂ ᠣᠯᠠᠨ ᠲᠦᠮᠡᠨ ᠤ ᠡᠮ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠬᠤ ᠎ ᠪᠠᠷ ᠪᠠᠶᠢᠨ᠎ᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ