| 〔2022〕102 ᠳ᠋ᠤᠭᠠᠷ ᠲᠣᠭᠠᠲᠤ | 11 ᠳ᠋ᠦ᠋ᠭᠡᠷ ᠰᠠᠷ᠎ᠠ ᠶᠢᠨ 15 ᠤ ᠡᠳᠦᠷ᠂ ᠮᠠᠨ ᠤ ᠬᠤᠰᠢᠭᠤ ᠭᠤᠤᠯᠳᠠᠯᠭ᠎ᠠ ᠲᠠᠢ ᠬᠥᠮᠦᠰ ᠲᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ | ᠦᠶ᠎ᠡ ᠳᠤ ᠠᠩᠬ᠎ᠠ ᠠᠯᠬᠤᠮ ᠤᠨ ᠪᠠᠶᠢᠴᠠᠭᠠᠯᠲᠠ ᠳᠤ 1 ᠬᠥᠮᠦᠨ ᠠᠷᠭ᠎ᠠ ᠴᠢᠨᠠᠷ ᠢᠯᠡᠷᠡᠵᠠᠢ᠃ ᠬᠤᠰᠢᠭᠤ᠂ ᠬᠤᠲᠠ ᠬᠤᠶᠠᠷ ᠱᠠᠲᠤᠨ ᠤ ᠡᠪᠡᠳᠴᠢᠨ ᠡᠮᠭᠡᠭ ᠢ | ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠠᠴᠠ ᠤᠷᠢᠳ ᠬᠤᠵᠢᠳ ᠠᠷᠭ᠎ᠠ ᠴᠢᠨᠠᠷ ᠭᠡᠵᠦ ᠳᠠᠬᠢᠨ ᠬᠠᠷᠭᠤᠭᠤᠯᠪᠠ᠃ ᠨᠡᠶᠢᠭᠡᠮ ᠤᠨ ᠲᠠᠯ᠎ᠠ ᠶᠢᠨ ᠬᠢᠵᠢᠭ ᠤᠨ | ᠪᠠᠶᠢᠳᠠᠯ ᠤᠨ ᠬᠠᠯᠳᠠᠪᠤᠷᠢᠯᠠᠬᠤ ᠠᠶᠤᠯ ᠲᠦᠭᠰᠢᠭᠦᠷᠢ ᠶᠢ ᠲᠦᠷᠭᠡᠨ ᠣᠨᠣᠪᠴᠢᠲᠠᠶ ᠵᠢᠭᠰᠠᠭᠠᠨ ᠪᠠᠶᠢᠴᠠᠭᠠᠵᠤ᠂ ᠪᠥᠬᠦ ᠬᠤᠰᠢᠭᠤᠨ ᠤ ᠦᠢᠯᠡᠳᠪᠦᠷᠢᠯᠡᠯ ᠠᠮᠢᠳᠤᠷᠠᠯ ᠤᠨ | ᠣᠷᠴᠢᠨ ᠲᠣᠭᠤᠷᠢᠨ ᠤ ᠡᠶ᠎ᠡ ᠵᠣᠬᠢᠴᠠᠩᠭᠤᠶ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ | ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ︵ᠶᠢᠰᠦᠳᠦᠭᠡᠷ ᠬᠡᠪᠯᠡᠯ︶︾ ᠤᠨ ᠱᠠᠭᠠᠷᠳᠠᠯᠭ᠎ᠠ ᠶᠣᠰᠣᠭᠠᠷ᠂ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠰᠤᠳᠤᠯᠤᠯᠲᠠ ᠪᠠᠷ ᠳᠡᠮᠵᠢᠨ᠂ 2022 ᠣᠨ ᠤ 11 | ᠳ᠋ᠦ᠋ᠭᠡᠷ ᠰᠠᠷ᠎ᠠ ᠶᠢᠨ 15 ᠤ ᠡᠳᠦᠷ ︵ᠭᠠᠷᠠᠭ ᠤᠨ ᠬᠤᠶᠠᠷ︶ ᠤᠨ ᠦᠳᠡ ᠶᠢᠨ ᠬᠤᠶᠢᠨᠠᠬᠢ 14᠄ 00 ᠴᠠᠭ ᠠᠴᠠ ᠡᠬᠢᠯᠡᠨ ᠠᠯᠳᠠᠨᠰᠢᠷᠡᠭᠡ ᠪᠠᠯᠭᠠᠰᠤ᠂ | ᠤᠯᠠᠭᠠᠨᠮᠥ᠋ᠷᠡᠨ ᠪᠠᠯᠭᠠᠰᠤᠨ ᠤ ᠭᠤᠤᠯᠳᠠᠯᠭ᠎ᠠ ᠲᠠᠢ ᠣᠷᠣᠨ ᠪᠦᠰᠡ ᠳᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠪᠠᠷ ᠲᠣᠭᠲᠠᠪᠠ᠃ ᠡᠳᠦᠭᠡ ᠬᠤᠯᠪᠣᠭᠳᠠᠯ | ᠪᠥᠬᠦᠶ ᠤᠴᠢᠷ ᠢ ᠳᠤᠤᠷᠠᠬᠢ ᠮᠡᠲᠦ ᠵᠠᠷᠯᠠᠶ᠎ᠠ᠄ | ᠨᠢᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠠᠮᠵᠢᠯᠴᠠᠵᠤ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ ᠣᠷᠣᠯᠴᠠᠬᠤ ᠪᠣᠯ | ᠠᠷᠠᠳ ᠢᠷᠭᠡᠳ ᠤᠨ ᠬᠠᠤᠯᠢ ᠪᠠᠷ ᠲᠣᠭᠲᠠᠭᠠᠭᠰᠠᠨ ᠡᠭᠦᠷᠭᠡ ᠪᠣᠯᠤᠨ᠎ᠠ᠃ ᠥᠷᠭᠡᠨ ᠣᠯᠠᠨ ᠰᠠᠭᠤᠭᠠᠯᠢ ᠠᠷᠠᠳ ᠢᠳᠡᠪᠬᠢᠲᠡᠶ ᠬᠠᠮᠵᠢᠯᠴᠠᠵᠤ᠂ ᠬᠠᠷᠢᠯᠴᠠᠨ ᠰᠠᠨᠠᠭᠤᠯᠵᠤ | ᠂ ᠲᠣᠭᠲᠠᠭᠰᠠᠨ ᠴᠠᠭ᠂ ᠭᠠᠵᠠᠷ ᠲᠤ ᠰᠠᠨᠠᠭᠠᠴᠢᠯᠠᠭ᠎ᠠ ᠠᠴᠠ ᠪᠠᠨ᠂ ᠵᠢᠷᠤᠮᠵᠢᠯ ᠲᠠᠢ ᠡᠮᠬᠢ ᠵᠢᠷᠤᠮ ᠲᠠᠢ ᠪᠠᠷ ᠪᠥᠭᠡᠮ ᠬᠦᠴᠢᠯ ᠤᠨ ᠥᠯᠢᠭᠡᠷ ᠠᠪᠬᠤ ᠠᠵᠢᠯᠯᠠᠭ᠎ᠠ ᠳᠤ | ᠣᠷᠣᠯᠴᠠᠭᠠᠷᠠᠶ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠰᠠᠨᠠᠭᠠᠴᠢᠯᠠᠭ᠎ᠠ ᠠᠴᠠ ᠪᠠᠨ ᠥᠯᠢᠭᠡᠷ ᠠᠪᠤᠭᠰᠠᠨ ᠥᠬᠡᠶ ᠬᠥᠮᠦᠰ ᠲᠤ ᠺᠣᠳ᠋ | ᠤᠯᠭᠤᠬᠤ ᠬᠠᠮᠢᠶᠠᠷᠤᠯᠲᠠ ᠬᠢᠵᠦ᠂ ᠬᠢᠵᠢᠭ ᠲᠠᠷᠬᠠᠬᠤ ᠠᠶᠤᠯ ᠲᠦᠭᠰᠢᠭᠦᠷᠢ ᠶᠢ ᠪᠣᠶ ᠪᠣᠯᠭᠠᠭᠰᠠᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠴᠢᠩᠭ᠎ᠠ | ᠬᠠᠷᠢᠭᠤᠴᠠᠯᠭ᠎ᠠ ᠨᠡᠬᠡᠮᠵᠢᠯᠡᠨ᠎ᠡ᠃ | ᠬᠤᠶᠠᠷ᠂ ᠬᠠᠮᠢᠶ᠎ᠠ ᠪᠥᠬᠦᠶ ᠪᠠᠯᠭᠠᠰᠤ ᠵᠢᠴᠢ ᠳᠣᠲᠣᠭᠠᠳᠤ ᠶᠢ ᠬᠠᠮᠠᠭᠠᠯᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠳᠠᠭᠠᠭᠠᠴᠢᠯᠠᠨ ᠬᠠᠷᠢᠯᠴᠠᠬᠤ ᠨᠢᠭᠡᠴᠢ ᠨᠦᠭᠦᠳ ᠡᠯ᠎ᠡ ᠵᠦᠢᠯ ᠤᠨ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ | ᠬᠢᠵᠦ᠂ ᠲᠤᠬᠠᠶ ᠶᠢᠨ ᠲᠠᠯᠠᠪᠠᠶ ᠶᠢᠨ ᠡᠮᠬᠢ ᠳᠢᠭᠯᠢᠮ ᠢ ᠬᠠᠮᠠᠭᠠᠯᠠᠨ᠂ ᠬᠢᠨᠠᠨ ᠪᠠᠶᠢᠴᠠᠭᠠᠯᠳᠠ ᠶᠢᠨ ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠶ᠃ ᠥᠷᠭᠡᠨ ᠣᠯᠠᠨ | ᠨᠠᠮ ᠤᠨ ᠭᠡᠰᠢᠭᠦᠨ ᠺᠠᠳ᠋ᠷ᠂ ᠰᠠᠶᠢᠨ ᠲᠤᠷᠠᠴᠤᠳ᠂ ᠲᠤᠤᠷᠵᠢᠯ ᠤᠨ ᠬᠠᠮᠢᠶᠠᠷᠤᠬᠴᠢ ᠶᠢ ᠵᠣᠬᠢᠶᠠᠨ ᠪᠠᠶᠢᠭᠤᠯᠤᠨ ᠡᠯ᠎ᠡ ᠰᠠᠭᠤᠭᠠᠯᠢ ᠲᠣᠭᠤᠷᠢᠭ ᠲᠤ ᠭᠦᠨᠵᠡᠭᠡᠶᠢᠷᠡᠵᠦ᠂ | ᠠᠰᠠᠷ ᠮᠠᠴᠤᠬᠤ᠂ ᠡᠭᠦᠳᠡ ᠲᠣᠭᠰᠢᠬᠤ᠂ ᠠᠰᠠᠭᠤᠨ ᠯᠠᠪᠯᠠᠬᠤ᠂ ᠳᠡᠩᠰᠡᠯᠡᠨ ᠲᠡᠮᠳᠡᠭᠯᠡᠬᠦ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ ︽ᠡᠭᠦᠳᠡ | ᠲᠣᠭᠰᠢᠬᠤ ᠠᠵᠢᠯᠯᠠᠭ᠎ᠠ ︾ ᠶᠢ ᠭᠦᠨᠵᠡᠭᠡᠶ ᠥᠷᠨᠢᠭᠦᠯᠵᠦ᠂ ᠬᠠᠮᠢᠶ᠎ᠠ ᠪᠥᠬᠦᠶ ᠬᠥᠮᠦᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠴᠠᠭ ᠲᠤᠬᠠᠶ ᠳᠤᠨᠢ | ᠪᠡᠶᠡᠯᠡᠭᠦᠯᠬᠦ ᠶᠢ ᠰᠢᠮᠳᠠᠭᠤᠯᠵᠤ᠂ ᠪᠥᠬᠦ ᠬᠥᠮᠦᠰ ᠤᠨ ᠣᠷᠣᠯᠴᠠᠬᠤ᠂ ᠪᠠᠶᠢᠴᠠᠭᠠᠬᠤ ᠶᠣᠰᠣᠲᠠᠶ ᠶᠢ ᠨᠢ ᠪᠦᠬᠦᠨ ᠢ ᠪᠠᠶᠢᠴᠠᠭᠠᠬᠤ ᠶᠢ ᠦᠨᠡᠨ ᠬᠦ ᠪᠠᠳᠤᠯᠠᠨ᠎ᠠ᠃ | ᠭᠤᠷᠪᠠ᠂ ᠪᠥᠭᠡᠮ ᠬᠦᠴᠢᠯ ᠤᠨ ᠥᠯᠢᠭᠡᠷ ᠠᠪᠬᠤ ᠬᠤᠭᠤᠴᠠᠭᠠᠨ ᠳᠤ᠂ ᠡᠯ᠎ᠡ ᠰᠠᠭᠤᠭᠠᠯᠢ ᠠᠷᠠᠳ ᠤᠨ ᠲᠣᠭᠤᠷᠢᠭ᠂ ᠣᠯᠠᠨ ᠨᠡᠶᠢᠲᠡ ᠶᠢᠨ ᠲᠠᠯᠠᠪᠤᠷ᠂ ︽ | ᠨᠢᠭᠡ ᠪᠠᠭᠤᠳᠠᠯ ᠬᠤᠶᠠᠷ ᠥᠷᠲᠡᠭᠡ︾ ᠪᠠ ᠵᠠᠰᠠᠮᠠᠯ ᠵᠠᠮ ᠤᠨ ᠪᠠᠶᠢᠴᠠᠭᠠᠯᠲᠠ ᠶᠢᠨ ᠥᠷᠲᠡᠭᠡ ᠴᠡᠭ ᠨᠢ ᠣᠷᠣᠵᠤ ᠭᠠᠷᠬᠤ ᠬᠥᠮᠦᠰ ᠢ ᠬᠠᠮᠢᠶᠠᠷᠤᠨ ᠡᠵᠡᠮᠳᠡᠬᠦ ᠶᠢ | ᠴᠢᠩᠭ᠎ᠠ ᠰᠠᠶᠢᠲᠤᠷ ᠬᠢᠵᠦ᠂ ᠲᠤᠬᠠᠶ ᠶᠢᠨ ᠡᠳᠦᠷ ᠤᠨ ᠪᠥᠭᠡᠮ ᠬᠦᠴᠢᠯ ᠤᠨ ᠥᠯᠢᠭᠡᠷ ᠠᠪᠤᠭᠰᠠᠨ ᠲᠡᠮᠳᠡᠭᠯᠡᠯ ᠥᠬᠡᠶ ᠪᠣᠯ ᠳᠤᠷ᠎ᠠ ᠪᠠᠷ ᠢᠶᠠᠨ ᠣᠷᠣᠵᠤ ᠭᠠᠷᠴᠤ ᠪᠣᠯᠬᠤ | ᠥᠬᠡᠶ᠃ | ᠳᠥᠷᠪᠡ᠂ ᠥᠯᠢᠭᠡᠷ ᠠᠪᠬᠤ ᠦᠶ᠎ᠡ ᠳᠤ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠪᠥᠬᠦ | ᠶᠠᠪᠤᠴᠠ ᠳᠤ ᠠᠮᠠᠪᠴᠢ ᠵᠡᠭᠦᠬᠦ ᠶᠢ ᠵᠢᠷᠤᠮᠵᠢᠭᠤᠯᠤᠨ᠂ ᠨᠢᠭᠡ ᠮᠧᠲᠷ ᠤᠨ ᠵᠠᠢ ᠶᠢ ᠪᠠᠷᠢᠮᠳᠠᠯᠠᠵᠦ᠂ ᠬᠥᠮᠦᠨ ᠬᠠᠷ᠎ᠠ ᠴᠤᠭᠯᠠᠷᠠᠬᠤ ᠠᠴᠠ ᠵᠠᠶᠢᠯᠠᠰᠬᠢᠬᠦ ᠬᠡᠷᠡᠭᠲᠡᠶ᠃ | ᠦᠯᠢᠭᠡᠷ ᠠᠪᠬᠤ ᠠᠴᠠ ᠡᠮᠦᠨ᠎ᠡ 1 ᠴᠠᠭ ᠤᠨ ᠳᠣᠲᠣᠷ᠎ᠠ ᠲᠠᠮᠠᠬᠢ ᠲᠠᠲᠠᠬᠤ᠂ ᠠᠷᠢᠬᠢ ᠤᠤᠭᠤᠬᠤ᠂ ᠪᠣᠬᠢ ᠵᠠᠵᠢᠯᠬᠤ ᠵᠡᠷᠭᠡ ᠶᠢ ᠴᠡᠭᠡᠷᠯᠡᠵᠦ᠂ ᠪᠠᠶᠢᠴᠠᠭᠠᠯᠲᠠ ᠶᠢᠨ | ᠦᠷ᠎ᠡ ᠳ᠋ᠦᠩ ᠢ ᠨᠥᠯᠥᠭᠡᠯᠡᠬᠦ ᠠᠴᠠ ᠵᠠᠶᠢᠯᠠᠰᠬᠢᠬᠦ ᠬᠡᠷᠡᠭᠲᠡᠢ᠃ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠢ ᠬᠦᠯᠢᠶᠡᠬᠦ ᠬᠤᠭᠤᠴᠠᠭᠠᠨ ᠳᠤ᠂ | ᠭᠠᠳᠠᠭᠰᠢ ᠭᠠᠷᠬᠤ ᠴᠢᠬᠤᠯᠠ ᠦᠭᠡᠢ ᠪᠤᠯ ᠠᠯᠢ ᠴᠢᠳᠠᠬᠤ ᠪᠠᠷ ᠭᠠᠳᠠᠭᠰᠢ ᠭᠠᠷᠬᠤ ᠦᠭᠡᠢ ᠪᠠᠶᠢᠵᠤ᠂ ᠬᠥᠮᠦᠰ ᠤᠨ ᠣᠶᠢᠷᠠᠳᠬᠤ ᠶᠢ ᠪᠠᠭᠠᠰᠬᠠᠨ᠎ᠠ᠃ | ᠲᠠᠪᠤ᠂ ᠬᠡᠷᠪᠡ ᠬᠠᠯᠠᠭᠤᠷᠠᠬᠤ᠂ ᠬᠠᠨᠢᠶᠠᠬᠤ ᠵᠡᠷᠭᠡ ᠡᠪᠡᠳᠴᠢᠨ ᠤ ᠢᠯᠡᠷᠡᠯ ᠲᠠᠢ ᠬᠥᠮᠦᠨ ᠪᠠᠶᠢᠪᠠᠯ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ | ᠤᠷᠢᠲᠠᠯ ᠳᠤᠤᠷ᠎ᠠ᠂ ᠲᠣᠭᠲᠠᠭᠰᠠᠨ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ᠳᠤ ᠴᠠᠭ ᠲᠤᠬᠠᠶ ᠳᠤᠨᠢ ᠬᠦᠷᠴᠦ ᠡᠮᠨᠡᠭᠦᠯᠬᠦ ᠬᠡᠷᠡᠭᠲᠡᠶ᠂ ᠲᠣᠰ | ᠤᠳᠠᠭᠠᠨ ᠤ ᠪᠥᠭᠡᠮ ᠬᠦᠴᠢᠯ ᠤᠨ ᠥᠯᠢᠭᠡᠷ ᠠᠪᠬᠤ ᠠᠵᠢᠯᠯᠠᠭ᠎ᠠ ᠳᠤ ᠣᠷᠣᠯᠴᠠᠵᠤ ᠪᠣᠯᠬᠤ ᠥᠬᠡᠶ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ | ᠲᠠᠷᠢᠯᠭ᠎ᠠ ᠶᠢ ᠲᠠᠷᠢᠬᠰᠠᠳ 24 ᠴᠠᠭ ᠤᠨ ᠳᠣᠲᠣᠷ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠥᠯᠢᠭᠡᠷ ᠠᠪᠤᠭᠤᠯᠵᠤ ᠪᠤᠯᠬᠤ ᠦᠬᠡᠢ᠂ ᠪᠤᠷᠤᠭᠤ | ᠪᠠᠶᠢᠴᠠᠭᠠᠯᠲᠠ ᠶᠢᠨ ᠳ᠋ᠦᠡᠭ ᠭᠠᠷᠬᠤ ᠠᠴᠠ ᠵᠠᠶᠢᠯᠠᠰᠬᠢᠬᠦ ᠬᠡᠷᠡᠭᠲᠡᠶ᠃ | ᠵᠢᠷᠭᠤᠭ᠎ᠠ᠂ ᠣᠳᠣᠬᠠᠨ ᠳᠤ ᠡᠵᠡᠨ ᠬᠤᠷᠤᠭ᠎ᠠ ᠬᠤᠰᠢᠭᠤᠨ ᠤ ᠡᠳ᠋ ᠪᠣᠳᠠᠰ ᠤᠨ ᠨᠥᠭᠡᠴᠡ ᠬᠦᠢᠴᠡᠳ᠂ ᠨᠡᠶᠢᠭᠡᠮ ᠤᠨ ᠡᠮᠬᠢ ᠳᠢᠭᠯᠢᠮ ᠬᠡᠪ ᠤᠨ ᠪᠠᠶᠢᠵᠤ᠂ | ᠡᠯ᠎ᠡ ᠵᠦᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ ᠥᠷᠭᠡᠨ ᠣᠯᠠᠨ ᠰᠠᠭᠤᠭᠠᠯᠢ ᠠᠷᠠᠳ | ᠴᠤᠤᠷᠬᠠᠯ ᠢ ᠢᠲᠡᠭᠡᠬᠦ ᠥᠬᠡᠶ᠂ ᠴᠤᠤᠷᠬᠠᠯ ᠲᠠᠷᠬᠠᠭᠠᠬᠤ ᠥᠬᠡᠶ᠂ ᠠᠶᠤᠵᠤ ᠰᠠᠨᠳᠤᠷᠬᠤ ᠥᠬᠡᠶ ᠪᠠᠶᠢᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠳᠤ ᠢᠳᠡᠪᠬᠢᠲᠡᠶ ᠬᠠᠮᠵᠢᠯᠴᠠᠵᠤ᠂ ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠲᠣᠭᠲᠠᠭᠤᠨ ᠪᠠᠶᠢᠳᠠᠯ ᠢ ᠬᠠᠮᠠᠭᠠᠯᠠᠭᠠᠷᠠᠶ᠃ | | | | ᠡᠵᠡᠨ ᠬᠤᠷᠤᠭ᠎ᠠ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ | 2022 ᠣᠨ ᠤ 11 ᠳ᠋ᠦ᠋ᠭᠡᠷ ᠰᠠᠷ᠎ᠠ ᠶᠢᠨ 15 ᠤ ᠡᠳᠦᠷ | | | | | | |