ᠡᠵᠡᠨ ᠬᠤᠷᠤᠭ᠎ᠠ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠵᠠᠷᠯᠠᠯ〔2022〕109 ᠳ᠋ᠣᠭᠡᠷ ᠲᠣᠭᠠᠲᠤ
ᠨᠡᠶᠢᠲᠡᠯᠡᠭᠰᠡᠨ ᠴᠠᠭ᠄
2022/11/16
    2022 ᠣᠨ ᠤ 11 ᠳ᠋ᠣᠭᠡᠷ ᠰᠠᠷ᠎ᠠ ᠶᠢᠨ 16᠎ ᠤ ᠡᠳᠦᠷ ᠤᠨ ᠦᠳᠡ ᠶᠢᠨ ᠬᠤᠶᠢᠨ᠎ᠠ᠂ ᠲᠤᠰᠠᠭᠠᠷᠯᠠᠵᠤ ᠬᠠᠮᠢᠶᠠᠷᠤᠨ ᠡᠵᠡᠮᠳᠡᠬᠦ ᠣᠷᠣᠨ ᠪᠦᠰᠡ ᠶᠢᠨ ᠬᠥᠮᠥᠰ ᠎ ᠲᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠪᠠᠷ ᠳᠡᠮᠵᠢᠨ᠂ ᠠᠩᠬ᠎ᠠ ᠰᠢᠯᠢᠭᠳᠡᠭᠰᠡᠨ ᠠᠷᠭ᠎ᠠ ᠴᠢᠨᠠᠷᠲᠠᠢ 40 ᠬᠥᠮᠥᠨ ᠢ ᠪᠠᠶᠢᠴᠠᠭᠠᠨ ᠭᠠᠷᠭᠠᠵᠤ᠂ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠳᠠᠬᠢᠨ ᠬᠢᠨᠠᠬᠤ ᠪᠠᠷ ᠳᠡᠮᠵᠢᠨ ᠠᠷᠭ᠎ᠠ ᠴᠢᠨᠠᠷᠲᠠᠢ ᠪᠣᠯᠵᠠᠢ᠂ ᠡᠭᠦᠨ ᠳᠤ 38᠎ ᠨᠢ ᠪᠢᠳᠡᠬᠦᠮᠵᠢᠯᠡᠭᠰᠡᠨ ᠬᠠᠮᠢᠶᠠᠷᠤᠯᠲᠠ ᠶᠢᠨ ᠭᠤᠣᠯᠳᠠᠯᠭ᠎ᠠ ᠲᠠᠢ ᠬᠦᠮᠦᠰ ᠪᠠᠶᠢᠵᠤ᠂ ᠬᠠᠮᠢᠶᠠᠷᠤᠨ ᠡᠵᠡᠮᠳᠡᠬᠦ ᠣᠷᠣᠨ ᠤ ᠭᠠᠳᠠᠨᠠᠬᠢ ᠠᠶᠠᠯᠠᠯ ᠤᠨ ᠵᠠᠮ ᠮᠥᠷ ᠪᠠᠶᠢᠬᠤ ᠦᠭᠡᠢ᠂ 2 ᠬᠥᠮᠥᠨ ᠨᠢ ᠬᠠᠮᠢᠶᠠᠷᠤᠨ ᠡᠵᠡᠮᠳᠡᠬᠦ ᠣᠷᠣᠨ ᠤ ᠭᠠᠳᠠᠨᠠᠬᠢ ᠠᠶᠠᠯᠠᠯ ᠤᠨ ᠵᠠᠮ ᠮᠥᠷ ᠲᠠᠢ᠃     ᠴᠢ᠊ ᠣᠪᠣᠭᠲᠤ᠂ ᠡᠮᠡᠭᠲᠡᠢ᠂ 53 ᠨᠠᠰᠤᠲᠠᠢ᠃ ᠥᠪᠡᠷ ᠤᠨ ᠲᠣᠭᠠᠴᠢᠯᠲᠠ ᠶᠢᠨ ᠶᠠᠪᠤᠴᠠ᠄ 11 ᠳ᠋ᠣᠭᠡᠷ ᠰᠠᠷ᠎ᠠ ᠶᠢᠨ 15᠎ ᠤ ᠡᠳᠦᠷ ᠤᠨ 9 ᠴᠠᠭ 55 ᠮᠢᠨᠦ᠋ᠲ ᠤᠨ ᠦᠶ᠎ᠡ ᠪᠠᠷ ᠠᠯᠳᠠᠨᠰᠢᠷᠡᠭᠡ ᠪᠠᠯᠭᠠᠰᠤᠨ ᠤ ᠸᠠᠩ ᠦ᠋ ᠪᠠᠷᠠᠭ᠎ᠠ ᠬᠤᠳᠠᠯᠳᠤᠨ ᠠᠪᠬᠤ ᠲᠥᠪ ︵ᠶᠠᠩ ᠭᠤᠸᠠᠩ ᠵᠢᠶᠠ ᠶᠤᠸᠠᠨ ᠰᠠᠭᠤᠭᠠᠯᠢ ᠲᠤᠭᠤᠷᠢᠭ ᠤᠨ B ᠲᠣᠭᠤᠷᠢᠭ ᠤᠨ 17 ᠳ᠋ᠤᠭᠠᠷ ᠨᠣᠮᠧᠷᠲᠤ ᠬᠤᠳᠠᠯᠳᠤᠭᠠᠨ ᠤ ᠡᠷᠦᠬᠡ︶᠎ ᠳᠤ ᠬᠦᠷᠴᠦ ᠪᠠᠷᠠᠭ᠎ᠠ ᠬᠤᠳᠠᠯᠳᠤᠨ ᠠᠪᠤᠪᠠ᠃      ᠬᠤ᠋ ᠣᠪᠣᠭᠲᠤ᠂ ᠡᠷᠡᠭᠲᠡᠢ᠂ 32 ᠨᠠᠰᠤᠲᠠᠢ᠃ ᠥᠪᠡᠷ ᠤᠨ ᠲᠣᠭᠠᠴᠢᠯᠲᠠ ᠶᠢᠨ ᠶᠠᠪᠤᠴᠠ᠄ 11 ᠳ᠋ᠣᠭᠡᠷ ᠰᠠᠷ᠎ᠠ ᠶᠢᠨ 12᠎ ᠤᠨ ᠡᠳᠦᠷ ᠤᠨ 12 ᠴᠠᠭ ᠤᠨ ᠦᠶ᠎ᠡ ᠪᠠᠷ ᠠᠯᠳᠠᠨᠰᠢᠷᠡᠭᠡ ᠪᠠᠯᠭᠠᠰᠤᠨ ᠤ ᠮᠠᠰᠢᠨ ᠲᠡᠷᠭᠡᠨ ᠤ ᠬᠤᠲᠠ ᠶᠢᠨ ᠢ ᠯᠦᠩ ᠮᠠᠰᠢᠨ ᠲᠡᠷᠬᠡᠨ ᠤ ᠰᠢᠷ ᠪᠤᠳᠤᠬᠤ ᠳᠡᠯᠭᠡᠭᠦᠷ ᠲᠤ ᠬᠦᠷᠴᠦ᠂ 12 ᠴᠠᠭ 30 ᠮᠢᠨᠦ᠋ᠲ ᠤᠨ ᠦᠶ᠎ᠡ ᠪᠠᠷ ᠰᠢᠨ ᠰᠢᠨ ᠮᠢᠬ᠎ᠠ ᠵᠠᠪᠰᠠᠷᠯᠠᠭᠰᠠᠨ ᠬᠤᠭᠤᠯᠠᠨ ᠦᠷᠦᠬᠡ ︵ᠮᠠᠰᠢᠨ ᠲᠡᠷᠭᠡᠨ ᠤ ᠬᠤᠲᠠ ᠶᠢᠨ ᠳᠡᠯᠭᠡᠭᠦᠷ︶᠎ ᠳᠤ ᠬᠤᠭᠤᠯᠠ ᠢᠳᠡᠪᠡ᠃ 12 ᠴᠠᠭ 40 ᠮᠢᠨᠦ᠋ᠲ ᠤᠨ ᠦᠶ᠎ᠡ ᠪᠠᠷ ᠮᠠᠰᠢᠨ ᠲᠡᠷᠭᠡᠨ ᠤ ᠬᠤᠳᠠ ᠶᠢᠨ ᠢ ᠯᠦᠩ ᠮᠠᠰᠢᠨ ᠲᠡᠷᠬᠡᠨ ᠤ ᠰᠢᠷ ᠪᠤᠳᠤᠬᠤ ᠳᠡᠯᠭᠡᠭᠦᠷ ᠲᠤ ᠪᠤᠴᠠᠵᠤ ᠲᠡᠷᠭᠡ ᠪᠠᠨ ᠠᠪᠤᠪᠠ᠃ 11 ᠳ᠋ᠣᠭᠡᠷ ᠰᠠᠷ᠎ᠠ ᠶᠢᠨ 14᠎ ᠤ ᠡᠳᠦᠷ ᠤᠨ 15 ᠴᠠᠭ 45 ᠮᠢᠨᠦ᠋ᠲ ᠤᠨ ᠦᠶ᠎ᠡ ᠪᠠᠷ ᠹᠦ᠋ ᠯᠢᠨ ᠳ᠋ᠡ ᠴᠢᠯᠦᠬᠡᠳᠦ ᠳᠡᠯᠭᠡᠭᠦᠷ ᠤᠨ ᠬᠤᠶᠠᠳᠤᠭᠠᠷ ᠬᠤᠪᠢᠶᠠᠷᠢ ᠳᠡᠯᠭᠡᠭᠦᠷ ᠠᠴᠠ ᠪᠠᠷᠠᠭ᠎ᠠ ᠬᠤᠳᠠᠯᠳᠤᠨ ᠠᠪᠤᠪᠠ᠃   ᠳᠡᠭᠡᠷ᠎ᠡ ᠳᠤᠷᠠᠳᠤᠭᠰᠠᠨ ᠵᠠᠮ ᠮᠥᠷ ᠲᠠᠢ ᠳᠠᠪᠬᠤᠴᠠᠭᠰᠠᠨ ᠬᠥᠮᠥᠰ ᠰᠠᠨᠠᠭᠠᠴᠢᠯᠠᠭ᠎ᠠ ᠠᠴᠠ ᠪᠠᠨ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ᠲᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ᠂ ᠬᠠᠮᠢᠶ᠎ᠠ ᠪᠦᠬᠦᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠢ᠃   ᠣᠳᠣᠬᠠᠨ ᠳᠤ᠂ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠪᠠᠶᠢᠵᠤ᠂ ᠥᠷᠭᠡᠨ ᠤᠯᠠᠨ ᠰᠠᠭᠤᠭᠠᠯᠢ ᠠᠷᠠᠳ ᠴᠠᠭ ᠢᠮᠠᠭᠲᠠ ᠦᠨᠳᠦᠷ ᠰᠣᠨᠣᠷ ᠰᠡᠷᠡᠮᠵᠢ ᠲᠠᠢ ᠪᠠᠶᠢᠵᠤ᠂ ᠬᠤᠪᠢ ᠬᠥᠮᠥᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠠᠮᠠᠪᠴᠢ ᠵᠡᠭᠦᠵᠦ᠂ ᠭᠠᠷ ᠢᠶᠠᠨ ᠰᠠᠶᠢᠲᠤᠷ ᠤᠬᠢᠶᠠᠵᠤ᠂ ᠰᠠᠯᠬᠢ ᠢᠯᠡᠭᠦᠬᠡᠨ ᠨᠠᠪᠲᠠᠷᠡᠭᠦᠯᠵᠦ᠂ ᠴᠥᠭᠡᠨ ᠴᠤᠭᠯᠠᠷᠠᠨ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠢ ᠲᠠᠷᠬᠠᠭᠠᠬᠤ ᠦᠭᠡᠢ ᠪᠠᠶᠢᠵᠤ᠂ ᠨᠢᠭᠲᠠᠷᠠᠨ ᠪᠦᠯᠬᠦᠮᠳᠡᠵᠦ᠂ ᠬᠢᠵᠢᠭ ᠤᠨ ᠪᠠᠶᠢᠳᠠᠯ ᠢ ᠢᠯᠠᠨ ᠳᠠᠪᠠᠭ᠋ᠤ ᠪᠠᠲᠤ ᠪᠠᠬᠢ ᠪᠠᠬᠢᠯᠡᠯᠲᠡ ᠶᠢ ᠬᠠᠮᠲᠤ ᠪᠠᠷ ᠴᠣᠭᠴᠠᠯᠠᠬᠤ ᠶᠢ ᠬᠦᠰᠡᠵᠦ ᠪᠠᠶᠢᠨ᠎ᠠ᠃      ᠳᠠᠭᠠᠯᠳᠤᠭᠤᠯᠤᠯ᠄ ᠬᠤᠰᠢᠭᠤ᠂ ᠪᠠᠯᠭᠠᠰᠤ ᠬᠤᠶᠠᠷ ᠱᠠᠲᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠬᠠᠷᠢᠯᠴᠠᠬᠤ ᠤᠲᠠᠰᠤ      ᠡᠵᠡᠨ ᠬᠤᠷᠤᠭ᠎ᠠ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠄ 0477 ᠊᠊᠊᠊ 8691824      ᠡᠵᠡᠨ ᠬᠤᠷᠤᠭ᠎ᠠ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ᠄ 0477 ᠊᠊᠊᠊ 8681617      ᠡᠵᠡᠨ ᠬᠤᠷᠤᠭ᠎ᠠ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ᠄ 0477 ᠊᠊᠊᠊ 8687110      ᠡᠵᠡᠨ ᠬᠤᠷᠤᠭ᠎ᠠ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠄ 0477 ᠊᠊᠊᠊ 8684296      ᠠᠯᠳᠠᠨᠰᠢᠷᠡᠭᠡ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠄ 0477 ᠊᠊᠊᠊8969144      ᠤᠯᠠᠭᠠᠨᠮᠦ᠋ᠷᠡᠨ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠄ 0477 ᠊᠊᠊᠊ 8930203      ᠡᠵᠡᠨ ᠬᠤᠷᠤᠭ᠎ᠠ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠄ 0477 ᠊᠊᠊᠊ 8961032      ᠵᠠᠰᠠᠭ ᠪᠠᠯᠭᠠᠰᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠄ 0477 ᠊᠊᠊᠊ 8951014      ᠨᠠᠷᠢᠨᠲᠣᠬᠤᠶ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠄ 0477 ᠊᠊᠊᠊ 8871099        ᠬᠤᠨᠢᠴᠢᠨᠭᠤᠤᠯ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠄ 0477 ᠊᠊᠊᠊ 8821337      ᠰᠤᠪᠤᠷᠭ᠎ᠠ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠄ 0477 ᠊᠊᠊᠊8831666                       ᠡᠵᠡᠨ ᠬᠤᠷᠤᠭ᠎ᠠ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ                           ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ                                  2022 ᠣᠨ ᠤ 11 ᠳ᠋ᠣᠭᠡᠷ ᠰᠠᠷ᠎ᠠ ᠶᠢᠨ 16᠎ ᠤ ᠡᠳᠦᠷ
ᠢᠷᠡᠯᠲᠡ᠄ ᠲᠤᠰ ᠰᠦᠯᠵᠢᠶ᠎ᠡ