| 2022 ᠣᠨ ᠤ 11 ᠳ᠋ᠣᠭᠡᠷ ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠡᠵᠡᠨ ᠬᠤᠷᠤᠭ᠎ᠠ | ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠲᠠᠪᠤᠨ | ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯᠲᠠᠨ ᠬᠤᠲᠠ ᠶᠢᠨ ᠲᠠᠩᠰᠠ ᠡᠪᠬᠡᠮᠡᠯ ᠤᠨ ᠲᠣᠪᠴᠢᠶ᠎ᠠ ᠶᠢᠨ ︽ | 2022 ᠣᠨ ᠤ ᠲᠠᠩᠰᠠ ᠡᠪᠬᠡᠮᠡᠯ ᠤᠨ ᠠᠵᠢᠯ ᠤᠨ ᠬᠢᠨᠠᠨ ᠰᠢᠯᠭᠠᠷᠠᠭᠤᠯᠤᠯᠳᠠ ᠶᠢᠨ ᠨᠠᠷᠢᠨ ᠳᠦᠷᠢᠮ︾ ᠤᠨ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠪᠠᠷ᠂ ᠬᠤᠲᠠ ᠶᠢᠨ ᠲᠠᠩᠰᠠ ᠡᠪᠬᠡᠮᠡᠯ ᠤᠨ ᠲᠤᠬᠠᠶᠢᠯᠠᠭᠰᠠᠨ ᠠᠵᠢᠯ ᠤᠨ | ᠰᠦᠯᠵᠢᠶᠡᠨ ᠳᠡᠭᠡᠷᠡᠬᠢ ᠪᠣᠯᠪᠠᠰᠤᠷᠠᠯ ᠳᠤ ᠣᠷᠣᠯᠴᠠᠪᠠ᠃ | | | | ᠬᠤᠲᠠ ᠶᠢᠨ ᠲᠠᠩᠰᠠ ᠡᠪᠬᠡᠮᠡᠯ ᠤᠨ ᠲᠡᠦᠬᠡ ᠣᠶᠢᠯᠠᠯᠭ᠎ᠠ ᠶᠢᠨ ᠣᠷᠳᠣᠨ ᠤ ᠴᠢᠶᠣᠤ ᠡᠯ ᠪᠢᠨ ᠵᠡᠷᠭᠡ | ᠪᠣᠯᠪᠠᠰᠤᠷᠠᠯ ᠤᠨ ᠪᠠᠭᠰᠢ ᠨᠠᠷ ᠡᠩ ᠲᠡᠷᠢᠭᠦᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠲᠠᠩᠰᠠ ᠡᠪᠬᠡᠮᠡᠯ ᠤᠨ ᠬᠠᠤᠯᠢ ︵ᠰᠢᠨ᠎ᠡ ᠵᠠᠰᠠᠪᠤᠷᠢ ᠣᠷᠣᠭᠤᠯᠤᠭᠰᠠᠨ ᠬᠡᠪᠯᠡᠯ︶︾ ᠳᠤ ᠲᠠᠶᠢᠯᠤᠮᠵᠢ ᠬᠢᠪᠡ᠃ | ᠳᠠᠷᠠᠭ᠎ᠠ ᠳᠤᠨᠢ ︽ᠪᠠᠶᠢᠭᠤᠯᠭ᠎ᠠ ᠶᠢᠨ ᠲᠠᠩᠰᠠ ᠡᠪᠬᠡᠮᠡᠯ ᠢ ᠲᠥᠷᠥᠯ ᠬᠤᠪᠢᠶᠠᠬᠤ ᠲᠥᠰᠥᠯ᠂ ᠪᠢᠴᠢᠭ ᠮᠠᠲ᠋ᠧᠷᠢᠶᠠᠯ ᠪᠠ | ᠮᠠᠲ᠋ᠧᠷᠢᠶᠠᠯ ᠢ ᠲᠠᠩᠰᠠ ᠡᠪᠬᠡᠮᠡᠯ ᠳᠤ ᠣᠷᠣᠭᠤᠯᠬᠤ ᠬᠡᠪᠴᠢᠶ᠎ᠡ ᠪᠠ ᠲᠠᠩᠰᠠ ᠡᠪᠬᠡᠮᠡᠯ ᠢ ᠬᠠᠳᠠᠭᠠᠯᠠᠨ ᠬᠠᠮᠢᠶᠠᠷᠬᠤ | ᠬᠤᠭᠤᠴᠠᠭ᠎ᠠ ᠶᠢᠨ ᠬᠦᠰᠦᠨᠦᠭᠲᠦ ᠶᠢᠨ ᠭᠤᠷᠪᠠ ᠶᠢ ᠨᠢᠭᠡᠳᠬᠡᠭᠰᠡᠨ ᠳᠦᠷᠢᠮ︾ ᠤᠨ ᠪᠣᠳᠠᠲᠠᠢ ᠬᠡᠷᠡᠭᠯᠡᠯᠲᠡ ᠶᠢ | ᠭᠤᠣᠯᠳᠠᠯᠭ᠎ᠠ ᠲᠠᠢ ᠲᠠᠶᠢᠯᠪᠤᠷᠢᠯᠠᠬᠤ ᠶᠢᠨ ᠬᠠᠮᠲᠤ᠂ ︽ᠲᠠᠩᠰᠠ ᠡᠪᠬᠡᠮᠡᠯ ᠳᠤ ᠣᠷᠣᠭᠤᠯᠬᠤ ᠪᠢᠴᠢᠭ ᠮᠠᠲ᠋ᠧᠷᠢᠶᠠᠯ ᠢ | ᠡᠮᠬᠢᠯᠡᠬᠦ ᠳᠦᠷᠢᠮ︾ ᠢ ᠨᠠᠷᠢᠨ ᠲᠣᠭᠠᠴᠢᠵᠤ᠂ ᠠᠵᠢᠯᠳᠠᠨ ᠳᠤ ᠬᠠᠮᠤᠭ ᠤᠨ ᠰᠢᠨ᠎ᠡ ᠠᠷᠪᠠᠨ ᠭᠤᠷᠪᠠᠨ ᠨᠢᠭᠡᠳᠦᠭᠡᠷ | ᠳᠡᠰ ᠤᠨ ᠲᠠᠩᠰᠠ ᠡᠪᠬᠡᠮᠡᠯ ᠤᠨ ᠲᠥᠷᠥᠯ ᠵᠦᠢᠯ ᠳᠤ ᠶᠠᠭᠤ ᠶᠠᠭᠤ ᠪᠠᠶᠢᠬᠤ᠂ ᠺᠣᠳ᠋ ᠨᠢ ᠶᠠᠭᠤ᠂ ᠪᠢᠴᠢᠭ ᠮᠠᠲ᠋ᠧᠷᠢᠶᠠᠯ | ᠲᠠᠩᠰᠠ ᠡᠪᠬᠡᠮᠡᠯ ᠵᠡᠷᠭᠡ ᠭᠤᠷᠪᠠᠨ ᠵᠦᠢᠯ ᠤᠨ ᠬᠠᠳᠠᠭᠠᠯᠠᠭᠰᠠᠨ ᠴᠠᠭ ᠬᠤᠭᠤᠴᠠᠭ᠎ᠠ ᠶᠢ ᠬᠤᠷᠢᠶᠠᠨ ᠴᠤᠭᠯᠠᠭᠤᠯᠬᠤ | ᠬᠡᠪᠴᠢᠶ᠎ᠡ ᠵᠢᠴᠢ ᠭᠤᠷᠪᠠ ᠶᠢ ᠨᠢᠭᠡᠳᠬᠡᠭᠰᠡᠨ ᠭᠠᠷᠴᠠᠭ ᠤᠨ ᠬᠦᠰᠦᠨᠦᠭᠲᠦ ᠶᠢ ᠬᠡᠷᠬᠢᠨ ᠵᠣᠬᠢᠶᠠᠬᠤ ᠶᠢ ᠮᠡᠳᠡᠭᠦᠯᠪᠡ᠃ | ᠬᠠᠮᠤᠭ ᠰᠡᠭᠦᠯ ᠳᠤ ︽ᠠᠵᠤ ᠠᠬᠤᠶᠢᠯᠠᠯ ᠤᠨ ᠲᠠᠩᠰᠠ ᠡᠪᠬᠡᠮᠡᠯ ᠤᠨ ᠠᠵᠢᠯ ᠤᠨ ᠵᠢᠷᠤᠮᠵᠢᠯ︾ ᠢᠶᠠᠷ ᠭᠤᠷᠪᠠᠨ | ᠴᠠᠭ ᠤᠨ ᠰᠤᠷᠤᠯᠴᠠᠯᠭ᠎ᠠ ᠪᠠᠨ ᠲᠡᠭᠦᠰᠬᠡᠪᠡ᠃ ᠪᠤᠯᠪᠠᠰᠤᠷᠠᠯ ᠤᠨ ᠠᠭᠤᠯᠭ᠎ᠠ ᠨᠢ ᠡᠯᠪᠡᠭ ᠪᠠᠶᠠᠯᠢᠭ᠂ ᠨᠠᠷᠢᠨ ᠨᠢᠮᠪᠠᠢ | ᠵᠢᠭᠠᠨ ᠰᠤᠷᠭᠠᠯᠲᠠ ᠪᠠᠷ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ | ᠪᠥᠬᠦ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯᠲᠠᠨ ᠳᠤ ᠬᠦᠨ ᠤᠯᠤᠯᠳᠠ ᠪᠠ ᠠᠰᠢᠭ ᠬᠦᠷᠲᠡᠭᠡᠪᠡ᠃ | ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠪᠣᠯ ᠠᠵᠢᠯ ᠢᠶᠠᠨ ᠰᠠᠶᠢᠲᠤᠷ ᠬᠢᠬᠦ ᠶᠢᠨ ᠠᠩᠬᠠᠨ ᠤ ᠠᠯᠬᠤᠮ᠂ | ᠴᠠᠭ ᠢᠮᠠᠭᠳᠠ ᠰᠤᠷᠤᠯᠴᠠᠮᠠᠨᠵᠢᠨ ᠰᠠᠶ᠋ᠢ ᠲᠤᠬᠠᠶᠢᠯᠠᠭᠰᠠᠨ ᠠᠵᠢᠯ ᠤᠨ ᠬᠡᠪ ᠴᠢᠨᠠᠷ ᠪᠠ ᠴᠢᠳᠠᠪᠤᠷᠢ ᠪᠠᠨ ᠪᠥᠬᠦ | ᠲᠠᠯ᠎ᠠ ᠪᠠᠷ ᠳᠡᠭᠡᠭᠰᠢᠯᠡᠭᠦᠯᠵᠦ ᠴᠢᠳᠠᠨ᠎ᠠ᠃ ᠲᠣᠰ ᠤᠳᠠᠭᠠᠨ ᠤ ᠰᠦᠯᠵᠢᠶᠡᠨ ᠳᠡᠭᠡᠷᠡᠬᠢ ᠪᠣᠯᠪᠠᠰᠤᠷᠠᠯ ᠢᠶᠠᠷ ᠳᠡᠮᠵᠢᠨ᠂ | ᠡᠵᠡᠨ ᠬᠤᠷᠤᠭ᠎ᠠ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠶᠢᠨ ᠲᠠᠩᠰᠠ ᠡᠪᠬᠡᠮᠡᠯ ᠤᠨ ᠠᠵᠢᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ | ᠨᠡᠮᠡᠭᠳᠡᠭᠦᠯᠬᠦ᠂ ᠰᠢᠨᠵᠢᠯᠡᠬᠦ ᠤᠬᠠᠭᠠᠨᠴᠢ ᠪᠥᠭᠡᠳ ᠵᠢᠷᠤᠮᠵᠢᠭᠤᠨ ᠠᠵᠢᠯᠯᠠᠭᠠᠨ ᠢ ᠨᠠᠩ ᠰᠠᠶᠢᠨ ᠲᠦᠯᠬᠢᠨ ᠠᠬᠢᠭᠤᠯᠬᠤ | ᠪᠣᠯᠣᠨ᠎ᠠ᠃ | | | | | | | | | |