ᠡᠵᠡᠨ ᠬᠤᠷᠤᠭ᠎ᠠ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯᠲᠠᠨ ᠬᠤᠲᠠ ᠶᠢᠨ ᠱᠠᠲᠤᠨ ᠤ ᠲᠠᠩᠰᠠ ᠡᠪᠬᠡᠮᠡᠯ ᠤᠨ ᠲᠤᠬᠠᠶᠢᠯᠠᠭᠰᠠᠨ ᠠᠵᠢᠯ ᠤᠨ ᠰᠦᠯᠵᠢᠶᠡᠨ ᠲᠡᠬᠡᠷᠡᠬᠢ ᠪᠤᠯᠪᠠᠰᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2022/11/17
     2022 ᠣᠨ ᠤ 11 ᠳ᠋ᠣᠭᠡᠷ ᠰᠠᠷ᠎ᠠ ᠶᠢᠨ 16᠎ ᠤ ᠡᠳᠦᠷ ᠤᠨ ᠦᠳᠡ ᠶᠢᠨ ᠡᠮᠦᠨ᠎ᠡ᠂ ᠡᠵᠡᠨ ᠬᠤᠷᠤᠭ᠎ᠠ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠲᠠᠪᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯᠲᠠᠨ ᠬᠤᠲᠠ ᠶᠢᠨ ᠲᠠᠩᠰᠠ ᠡᠪᠬᠡᠮᠡᠯ ᠤᠨ ᠲᠣᠪᠴᠢᠶ᠎ᠠ ᠶᠢᠨ ︽2022 ᠣᠨ ᠤ ᠲᠠᠩᠰᠠ ᠡᠪᠬᠡᠮᠡᠯ ᠤᠨ ᠠᠵᠢᠯ ᠤᠨ ᠬᠢᠨᠠᠨ ᠰᠢᠯᠭᠠᠷᠠᠭᠤᠯᠤᠯᠳᠠ ᠶᠢᠨ ᠨᠠᠷᠢᠨ ᠳᠦᠷᠢᠮ︾᠎ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠪᠠᠷ᠂ ᠬᠤᠲᠠ ᠶᠢᠨ ᠲᠠᠩᠰᠠ ᠡᠪᠬᠡᠮᠡᠯ ᠤᠨ ᠲᠤᠬᠠᠶᠢᠯᠠᠭᠰᠠᠨ ᠠᠵᠢᠯ ᠤᠨ ᠰᠦᠯᠵᠢᠶᠡᠨ ᠳᠡᠭᠡᠷᠡᠬᠢ ᠪᠣᠯᠪᠠᠰᠤᠷᠠᠯ ᠳᠤ ᠣᠷᠣᠯᠴᠠᠪᠠ᠃
     ᠬᠤᠲᠠ ᠶᠢᠨ ᠲᠠᠩᠰᠠ ᠡᠪᠬᠡᠮᠡᠯ ᠤᠨ ᠲᠡᠦᠬᠡ ᠣᠶᠢᠯᠠᠯᠭ᠎ᠠ ᠶᠢᠨ ᠣᠷᠳᠣᠨ ᠤ ᠴᠢᠶᠣᠤ ᠡᠯ ᠪᠢᠨ ᠵᠡᠷᠭᠡ ᠪᠣᠯᠪᠠᠰᠤᠷᠠᠯ ᠤᠨ ᠪᠠᠭᠰᠢ ᠨᠠᠷ ᠡᠩ ᠲᠡᠷᠢᠭᠦᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠩᠰᠠ ᠡᠪᠬᠡᠮᠡᠯ ᠤᠨ ᠬᠠᠤᠯᠢ ︵ᠰᠢᠨ᠎ᠡ ᠵᠠᠰᠠᠪᠤᠷᠢ ᠣᠷᠣᠭᠤᠯᠤᠭᠰᠠᠨ ᠬᠡᠪᠯᠡᠯ︶︾᠎ ᠳᠤ ᠲᠠᠶᠢᠯᠤᠮᠵᠢ ᠬᠢᠪᠡ᠃ ᠳᠠᠷᠠᠭ᠎ᠠ ᠳᠤᠨᠢ ︽ᠪᠠᠶᠢᠭᠤᠯᠭ᠎ᠠ ᠶᠢᠨ ᠲᠠᠩᠰᠠ ᠡᠪᠬᠡᠮᠡᠯ ᠢ ᠲᠥᠷᠥᠯ ᠬᠤᠪᠢᠶᠠᠬᠤ ᠲᠥᠰᠥᠯ᠂ ᠪᠢᠴᠢᠭ ᠮᠠᠲ᠋ᠧᠷᠢᠶᠠᠯ ᠪᠠ ᠮᠠᠲ᠋ᠧᠷᠢᠶᠠᠯ ᠢ ᠲᠠᠩᠰᠠ ᠡᠪᠬᠡᠮᠡᠯ ᠳᠤ ᠣᠷᠣᠭᠤᠯᠬᠤ ᠬᠡᠪᠴᠢᠶ᠎ᠡ ᠪᠠ ᠲᠠᠩᠰᠠ ᠡᠪᠬᠡᠮᠡᠯ ᠢ ᠬᠠᠳᠠᠭᠠᠯᠠᠨ ᠬᠠᠮᠢᠶᠠᠷᠬᠤ ᠬᠤᠭᠤᠴᠠᠭ᠎ᠠ ᠶᠢᠨ ᠬᠦᠰᠦᠨᠦᠭᠲᠦ ᠶᠢᠨ ᠭᠤᠷᠪᠠ ᠶᠢ ᠨᠢᠭᠡᠳᠬᠡᠭᠰᠡᠨ ᠳᠦᠷᠢᠮ︾᠎ ᠤᠨ ᠪᠣᠳᠠᠲᠠᠢ ᠬᠡᠷᠡᠭᠯᠡᠯᠲᠡ ᠶᠢ ᠭᠤᠣᠯᠳᠠᠯᠭ᠎ᠠ ᠲᠠᠢ ᠲᠠᠶᠢᠯᠪᠤᠷᠢᠯᠠᠬᠤ ᠶᠢᠨ ᠬᠠᠮᠲᠤ᠂ ︽ᠲᠠᠩᠰᠠ ᠡᠪᠬᠡᠮᠡᠯ ᠳᠤ ᠣᠷᠣᠭᠤᠯᠬᠤ ᠪᠢᠴᠢᠭ ᠮᠠᠲ᠋ᠧᠷᠢᠶᠠᠯ ᠢ ᠡᠮᠬᠢᠯᠡᠬᠦ ᠳᠦᠷᠢᠮ︾᠎ ᠢ ᠨᠠᠷᠢᠨ ᠲᠣᠭᠠᠴᠢᠵᠤ᠂ ᠠᠵᠢᠯᠳᠠᠨ ᠳᠤ ᠬᠠᠮᠤᠭ ᠤᠨ ᠰᠢᠨ᠎ᠡ ᠠᠷᠪᠠᠨ ᠭᠤᠷᠪᠠᠨ ᠨᠢᠭᠡᠳᠦᠭᠡᠷ ᠳᠡᠰ ᠤᠨ ᠲᠠᠩᠰᠠ ᠡᠪᠬᠡᠮᠡᠯ ᠤᠨ ᠲᠥᠷᠥᠯ ᠵᠦᠢᠯ ᠳᠤ ᠶᠠᠭᠤ ᠶᠠᠭᠤ ᠪᠠᠶᠢᠬᠤ᠂ ᠺᠣᠳ᠋ ᠨᠢ ᠶᠠᠭᠤ᠂ ᠪᠢᠴᠢᠭ ᠮᠠᠲ᠋ᠧᠷᠢᠶᠠᠯ ᠲᠠᠩᠰᠠ ᠡᠪᠬᠡᠮᠡᠯ ᠵᠡᠷᠭᠡ ᠭᠤᠷᠪᠠᠨ ᠵᠦᠢᠯ ᠤᠨ ᠬᠠᠳᠠᠭᠠᠯᠠᠭᠰᠠᠨ ᠴᠠᠭ ᠬᠤᠭᠤᠴᠠᠭ᠎ᠠ ᠶᠢ ᠬᠤᠷᠢᠶᠠᠨ ᠴᠤᠭᠯᠠᠭᠤᠯᠬᠤ ᠬᠡᠪᠴᠢᠶ᠎ᠡ ᠵᠢᠴᠢ ᠭᠤᠷᠪᠠ ᠶᠢ ᠨᠢᠭᠡᠳᠬᠡᠭᠰᠡᠨ ᠭᠠᠷᠴᠠᠭ ᠤᠨ ᠬᠦᠰᠦᠨᠦᠭᠲᠦ ᠶᠢ ᠬᠡᠷᠬᠢᠨ ᠵᠣᠬᠢᠶᠠᠬᠤ ᠶᠢ ᠮᠡᠳᠡᠭᠦᠯᠪᠡ᠃ ᠬᠠᠮᠤᠭ ᠰᠡᠭᠦᠯ ᠳᠤ ︽ᠠᠵᠤ ᠠᠬᠤᠶᠢᠯᠠᠯ ᠤᠨ ᠲᠠᠩᠰᠠ ᠡᠪᠬᠡᠮᠡᠯ ᠤᠨ ᠠᠵᠢᠯ ᠤᠨ ᠵᠢᠷᠤᠮᠵᠢᠯ︾᠎ ᠢᠶᠠᠷ ᠭᠤᠷᠪᠠᠨ ᠴᠠᠭ ᠤᠨ ᠰᠤᠷᠤᠯᠴᠠᠯᠭ᠎ᠠ ᠪᠠᠨ ᠲᠡᠭᠦᠰᠬᠡᠪᠡ᠃ ᠪᠤᠯᠪᠠᠰᠤᠷᠠᠯ ᠤᠨ ᠠᠭᠤᠯᠭ᠎ᠠ ᠨᠢ ᠡᠯᠪᠡᠭ ᠪᠠᠶᠠᠯᠢᠭ᠂ ᠨᠠᠷᠢᠨ ᠨᠢᠮᠪᠠᠢ ᠵᠢᠭᠠᠨ ᠰᠤᠷᠭᠠᠯᠲᠠ ᠪᠠᠷ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠪᠥᠬᠦ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯᠲᠠᠨ ᠳᠤ ᠬᠦᠨ ᠤᠯᠤᠯᠳᠠ ᠪᠠ ᠠᠰᠢᠭ ᠬᠦᠷᠲᠡᠭᠡᠪᠡ᠃      ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠪᠣᠯ ᠠᠵᠢᠯ ᠢᠶᠠᠨ ᠰᠠᠶᠢᠲᠤᠷ ᠬᠢᠬᠦ ᠶᠢᠨ ᠠᠩᠬᠠᠨ ᠤ ᠠᠯᠬᠤᠮ᠂ ᠴᠠᠭ ᠢᠮᠠᠭᠳᠠ ᠰᠤᠷᠤᠯᠴᠠᠮᠠᠨᠵᠢᠨ ᠰᠠᠶ᠋ᠢ ᠲᠤᠬᠠᠶᠢᠯᠠᠭᠰᠠᠨ ᠠᠵᠢᠯ ᠤᠨ ᠬᠡᠪ ᠴᠢᠨᠠᠷ ᠪᠠ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠵᠦ ᠴᠢᠳᠠᠨ᠎ᠠ᠃ ᠲᠣᠰ ᠤᠳᠠᠭᠠᠨ ᠤ ᠰᠦᠯᠵᠢᠶᠡᠨ ᠳᠡᠭᠡᠷᠡᠬᠢ ᠪᠣᠯᠪᠠᠰᠤᠷᠠᠯ ᠢᠶᠠᠷ ᠳᠡᠮᠵᠢᠨ᠂ ᠡᠵᠡᠨ ᠬᠤᠷᠤᠭ᠎ᠠ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠲᠠᠩᠰᠠ ᠡᠪᠬᠡᠮᠡᠯ ᠤᠨ ᠠᠵᠢᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ᠂ ᠰᠢᠨᠵᠢᠯᠡᠬᠦ ᠤᠬᠠᠭᠠᠨᠴᠢ ᠪᠥᠭᠡᠳ ᠵᠢᠷᠤᠮᠵᠢᠭᠤᠨ ᠠᠵᠢᠯᠯᠠᠭᠠᠨ ᠢ ᠨᠠᠩ ᠰᠠᠶᠢᠨ ᠲᠦᠯᠬᠢᠨ ᠠᠬᠢᠭᠤᠯᠬᠤ ᠪᠣᠯᠣᠨ᠎ᠠ᠃
ᠢᠷᠡᠯᠲᠡ᠄ ᠲᠤᠰ ᠰᠦᠯᠵᠢᠶ᠎ᠡ