ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶ᠎ᠡ ᠶᠢᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠪᠠ
ᠨᠡᠶᠢᠲᠡᠯᠡᠭᠰᠡᠨ ᠴᠠᠭ᠄
2022/11/18
      ᠤᠶᠢᠷ᠎ᠠ ᠳᠤ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶ᠎ᠡ ᠶᠢᠨ ᠬᠢᠨ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ ᠤᠨ ᠡᠯ᠎ᠡ ᠠᠵᠢᠯᠯᠠᠬᠤ ᠲᠠᠰᠤᠭ ᠲᠠᠢ ᠬᠠᠮᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠬᠤ ᠠᠵᠢᠯᠯᠠᠭ᠎ᠠ ᠦᠷᠨᠢᠬᠦᠯᠪᠡ᠃ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶ᠎ᠡ ᠶᠢᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠎ ᠶᠢ  ᠰᠤᠷᠤᠯᠴᠠᠵᠤ᠂ ᠤᠬᠠᠭᠤᠯᠵᠤ᠂ ᠲᠤᠭᠤᠰᠢᠭᠤᠯᠬᠤ ᠶᠢ ᠤᠳᠤᠬᠠᠨ ᠪᠠ ᠬᠤᠵᠢᠮ ᠤᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠬᠦᠷᠭᠡ ᠪᠤᠯᠭᠠᠵᠤ ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠲᠠᠢ ᠨᠢᠭᠡᠳᠭᠡᠵᠤ᠂ ᠬᠤᠶᠢᠰᠢᠳᠠ ᠵᠠᠰᠠᠭ ᠤᠨ ᠶᠠᠪᠤᠳᠠᠯ ᠎ ᠤᠨ ᠮᠤᠩᠭᠤᠯ ᠰᠦᠯᠵᠢᠶ᠎ᠡ ᠶᠢᠨ ᠪᠠᠶᠢᠭᠤᠯᠤᠯᠳᠠ ᠪᠠᠨ ᠣᠯᠠᠮ ᠴᠢᠩᠭᠠᠳᠬᠠᠵᠤ᠂ ᠲᠤᠬᠠᠶᠢᠯᠠᠭᠰᠠᠨ ᠠᠵᠢᠯ ᠳᠤ ᠪᠠᠨ ᠨᠡᠩ ᠢᠯᠡᠬᠦᠦ ᠬᠦᠴᠦᠨ ᠬᠦᠳᠡᠯᠮᠦᠷᠢ ᠡᠷᠬᠦᠵᠦ᠂ ᠰᠢᠨ᠎ᠡ ᠠᠮᠵᠢᠯᠳᠠ ᠪᠦᠳᠦᠮᠵᠢ ᠶᠢ ᠡᠭᠦᠳᠬᠦ ᠪᠠᠷ ᠴᠢᠷᠮᠠᠶᠢᠵᠤ ᠪᠠᠶᠢᠨ᠎ᠠ᠃
b2089a90476835239db9977893a4604.jpg
ᠢᠷᠡᠯᠲᠡ᠄ ᠲᠤᠰ ᠰᠦᠯᠵᠢᠶ᠎ᠡ