ᠨᠠᠮᠰᠠᠷᠠᠢ᠄ ᠡᠮᠴᠢ ᠬᠥᠮᠦᠨ ᠤ ᠡᠨᠡᠷᠢᠩᠭᠦᠶ ᠰᠡᠳᠬᠢᠯ ᠢᠶᠠᠷ ᠦᠨᠳᠦᠰᠦᠲᠡᠨ ᠤ ᠪᠦᠯᠬᠦᠮᠳᠡᠯ ᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2022/11/18
      ᠡᠵᠡᠨ ᠬᠤᠷᠤᠭ᠎ᠠ ᠬᠤᠰᠢᠭᠤᠨ ᠤ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠳᠠᠷᠤᠭ᠎ᠠ ᠨᠠᠮᠰᠠᠷᠠᠢ 37 ᠵᠢᠯ ᠡᠮᠴᠢ ᠶᠢᠨ ᠠᠵᠢᠯ ᠢ ᠬᠢᠵᠤ᠂ ᠥᠪᠡᠷᠮᠢᠴᠡ ᠮᠣᠩᠭᠤᠯ ᠡᠮᠴᠢᠯᠡᠭᠡᠨ ᠤ ᠠᠷᠭ᠎ᠠ ᠪᠠᠷ ᠡᠪᠡᠳᠴᠢᠲᠡᠨ ᠤ ᠡᠪᠡᠳᠬᠦ ᠶᠢ ᠠᠷᠢᠯᠭᠠᠵᠤ᠂ ᠣᠯᠠᠨ ᠲᠦᠮᠡᠨ ᠤ ᠮᠠᠭᠲᠠᠭᠠᠯ ᠰᠠᠶᠢᠰᠢᠶᠠᠯ ᠢ ᠣᠯᠵᠠᠶ᠃      ᠡᠮᠴᠢ ᠪᠠᠶᠢᠭᠰᠠᠨ ᠬᠡᠳᠦᠨ ᠠᠷᠪᠠᠨ ᠵᠢᠯ ᠤᠨ ᠲᠤᠷᠰᠢ᠂ ᠨᠠᠮᠰᠠᠷᠠᠢ ᠡᠮᠴᠢ ᠴᠠᠭ ᠢᠮᠠᠭᠲᠠ ︽ᠡᠪᠡᠳᠴᠢᠲᠡᠨ ᠢᠶᠠᠷ ᠭᠤᠤᠯ ᠪᠣᠯᠭᠠᠵᠤ︾᠂ ᠠᠷᠭ᠎ᠠ ᠪᠦᠬᠦᠨ ᠢ ᠰᠦᠪᠡᠭᠴᠢᠯᠡᠨ ᠡᠪᠡᠳᠴᠢᠲᠡᠨ ᠤ ᠳᠠᠷᠤᠭᠠᠰᠤ ᠶᠢ ᠬᠥᠩᠭᠡᠷᠡᠭᠦᠯᠦᠨ᠂ ᠢᠯᠠᠩᠭᠤᠶ᠎ᠠ 2016 ᠣᠨ ᠠᠴᠠ ᠨᠠᠰᠢ᠂ ᠨᠠᠮᠰᠠᠷᠠᠢ ᠡᠮᠴᠢ ᠪᠥᠬᠦ ᠡᠮᠨᠡᠯᠭᠡ ᠶᠢᠨ ᠬᠤᠷᠢᠶᠠᠨ ᠤ ᠠᠵᠢᠯᠲᠠᠨ ᠠᠵᠢᠯᠴᠢᠨ ᠢᠶᠠᠨ ᠳᠠᠭᠠᠭᠤᠯᠤᠨ ᠭᠠᠷᠠᠭ ᠤᠨ ᠵᠢᠷᠭᠤᠭᠠᠨ ᠤ ᠠᠮᠠᠷᠠᠬᠤ ᠴᠠᠭ ᠢᠶᠠᠨ ᠲᠠᠶᠠᠭᠳᠠᠵᠤ᠂ ᠡᠯ᠎ᠡ ᠪᠠᠯᠭᠠᠰᠤᠨ ᠳᠤ ᠬᠦᠷᠴᠦ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ 74 ᠤᠳᠠᠭ᠎ᠠ ᠥᠷᠨᠢᠭᠦᠯᠵᠦ᠂ ᠮᠠᠯᠴᠢᠨ ᠲᠠᠷᠢᠶᠠᠴᠢᠨ ᠳᠤ 128 . 7 ᠲᠦᠮᠡᠨ ᠲᠥᠭᠦᠷᠢᠭ ᠤᠨ ᠥᠷᠲᠡᠭ ᠪᠥᠬᠦᠶ ᠡᠮ ᠤᠨ ᠵᠦᠢᠯ ᠢ ᠦᠨ᠎ᠡ ᠲᠥᠯᠥᠪᠦᠷᠢ ᠥᠬᠡᠶ ᠪᠠᠷ ᠲᠠᠷᠬᠠᠭᠠᠵᠤ᠂ ᠣᠨᠣᠰᠢᠯᠠᠨ ᠡᠮᠨᠡᠬᠦ ᠵᠠᠷᠤᠳᠠᠯ ᠢ ᠨᠡᠶᠢᠲᠡ 34 . 1 ᠲᠦᠮᠡᠨ ᠲᠥᠭᠦᠷᠢᠭ ᠬᠠᠰᠤᠵᠤ ᠬᠡᠯᠲᠦᠷᠢᠭᠦᠯᠵᠦ᠂ ᠠᠰᠢᠭ ᠭᠥᠷᠳᠡᠭᠰᠡᠨ ᠮᠠᠯᠴᠢᠨ ᠲᠠᠷᠢᠶᠠᠴᠢᠨ ᠪᠠᠷᠤᠭ 10000 ᠬᠥᠮᠦᠨ ᠤᠳᠠᠭ᠎ᠠ ᠳᠤ ᠬᠦᠷᠴᠡᠶ᠃ ᠡᠭᠦᠨ ᠤ ᠬᠠᠮᠲᠤ᠂ ᠲᠡᠷᠡ ᠡᠬᠢ ᠪᠠᠶᠠᠯᠢᠭ ᠢ ᠬᠦᠴᠦᠯᠡᠨ ᠠᠭᠤᠳᠠᠯᠵᠤ᠂ ᠦᠨᠳᠦᠰᠦᠲᠡᠨ ᠤ ᠡᠮ ᠡᠮᠨᠡᠯᠭᠡ ᠶᠢᠨ ᠰᠤᠳᠤᠷ ᠪᠢᠴᠢᠭ ᠢ ᠡᠮᠬᠢᠯᠡᠵᠦ᠂ ᠮᠣᠩᠭᠤᠯ ᠬᠢᠲᠠᠳ ᠡᠮ ᠤᠨ ᠮᠠᠲ᠋ᠧᠷᠢᠶᠠᠯ ᠳᠠᠷᠢᠬᠤ ᠰᠠᠭᠤᠷᠢᠨ ᠢ ᠪᠥᠲᠥᠭᠡᠨ ᠪᠠᠶᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠴᠢᠨᠠᠷ ᠰᠠᠶᠢᠲᠠᠶ᠂ ᠬᠢᠮᠳᠠ ᠮᠣᠩᠭᠤᠯ ᠬᠢᠲᠠᠳ ᠡᠮ ᠡᠮᠨᠡᠯᠭᠡ ᠶᠢᠨ ᠦᠢᠯᠡᠴᠢᠯᠡᠭᠡ ᠬᠠᠩᠭᠠᠪᠠ᠃      ᠤᠯᠠᠨ ᠵᠢᠯ ᠤᠨ ᠲᠤᠷᠰᠢ᠂ ᠨᠠᠮᠰᠠᠷᠠᠢ ᠡᠮᠴᠢ ᠦᠨᠳᠦᠰᠦᠲᠡᠨ ᠤ ᠪᠦᠯᠬᠦᠮᠳᠡᠯ ᠪᠣᠯ ᠨᠢᠭᠡ ᠭᠡᠷ ᠤᠨ ᠬᠥᠮᠦᠨ ᠮᠡᠲᠦ ᠳᠣᠲᠣᠨᠣ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠢ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠢ ᠰᠠᠶᠢᠲᠤᠷ ᠬᠢᠬᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠪᠣᠳᠠᠲᠤ ᠶᠠᠪᠤᠳᠠᠯ ᠬᠢᠬᠦ᠂ ᠰᠠᠶᠢᠨ ᠶᠠᠪᠤᠳᠠᠯ ᠬᠢᠬᠦ ᠲᠠᠢ ᠤᠶᠠᠯᠳᠤᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠤᠬᠠᠮᠰᠠᠷ ᠠᠴᠠ ᠪᠠᠨ ᠬᠠᠮᠠᠭᠠᠯᠠᠵᠤ᠂ ᠦᠨᠳᠦᠰᠦᠲᠡᠨ ᠤ ᠪᠦᠯᠬᠦᠮᠳᠡᠯ ᠤᠨ ᠠᠵᠢᠯ ᠢ ᠲᠤᠰᠬᠠᠢ ᠮᠡᠷᠭᠡᠵᠢᠯ ᠤᠨ ᠠᠵᠢᠯ᠂ ᠡᠷᠳᠡᠮ ᠰᠢᠨᠵᠢᠯᠡᠭᠡᠨ ᠤ ᠠᠵᠢᠯ ᠵᠡᠷᠭᠡ ᠡᠳᠦᠷ ᠲᠤᠳᠤᠮ ᠤᠨ ᠠᠵᠢᠯ ᠲᠠᠢ ᠪᠠᠨ ᠠᠭᠤᠰᠤᠯᠴᠠᠭᠤᠯᠤᠨ ᠦᠷᠨᠢᠬᠦᠯᠦᠭᠰᠡᠭᠡᠷ ᠢᠷᠡᠪᠡ᠃ ᠲᠡᠷᠡ ᠬᠤᠶᠠᠷ ᠤᠳᠠᠭ᠎ᠠ ᠥᠪᠥᠷ ᠮᠣᠩᠭᠤᠯ ᠤᠨ ᠦᠨᠳᠦᠰᠦᠲᠡᠨ ᠤ ᠪᠦᠯᠬᠦᠮᠳᠡᠯ ᠤᠨ ᠲᠡᠷᠢᠭᠦᠨ ᠤ ᠬᠤᠪᠢ ᠬᠥᠮᠦᠨ ᠤ ᠢᠷᠠᠭᠤ ᠠᠯᠳᠠᠷ ᠢ ᠭᠥᠷᠳᠡᠵᠦ᠂ ᠲᠡᠭᠦᠨ ᠤ ᠳᠠᠭᠠᠭᠤᠯᠭ᠎ᠠ ᠳᠤᠤᠷ᠎ᠠ᠂ ᠡᠮᠨᠡᠯᠭᠡ ᠶᠢᠨ ᠬᠤᠷᠢᠶ᠎ᠠ ᠨᠢ ᠮᠣᠩᠭᠤᠯ ᠬᠢᠲᠠᠳ ᠡᠮ ᠡᠮᠨᠡᠯᠭᠡ ᠶᠢᠨ ᠰᠣᠶᠣᠯ ᠤᠨ ᠢᠲᠡᠭᠡᠯ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠬᠢᠲᠠᠳ ᠮᠣᠩᠭᠤᠯ ᠡᠮᠨᠡᠯᠭᠡ ᠶᠢᠨ ᠥᠪᠡᠷᠮᠢᠴᠡ ᠣᠨᠴᠠᠯᠢᠭ ᠪᠥᠬᠦᠶ ᠣᠨᠣᠰᠢᠯᠠᠨ ᠡᠮᠨᠡᠬᠦ ᠪᠠᠶᠢᠭᠤᠯᠤᠯᠲᠠ ᠶᠢ ᠴᠢᠩᠭᠠᠳᠬᠠᠵᠤ᠂ ᠡᠷᠡᠭᠦᠯ ᠮᠡᠨᠳᠦ ᠡᠮᠴᠢᠯᠡᠭᠡ ᠰᠤᠪᠢᠯᠠᠯᠲᠠ ᠶᠢᠨ ᠬᠥᠭᠵᠢᠯᠲᠡ ᠶᠢ ᠠᠬᠢᠭᠤᠯᠵᠤ᠂ ᠡᠮᠴᠢ ᠡᠪᠡᠳᠴᠢᠲᠡᠨ ᠤ ᠡᠶ᠎ᠡ ᠵᠣᠬᠢᠴᠠᠩᠭᠤᠶ᠂ ᠦᠨᠳᠦᠰᠦᠲᠡᠨ ᠤ ᠪᠦᠯᠬᠦᠮᠳᠡᠯ ᠤᠨ ᠰᠠᠶᠢᠨ ᠰᠠᠶᠢᠬᠠᠨ ᠬᠠᠭᠤᠳᠠᠰᠤ ᠶᠢ ᠪᠢᠴᠢᠭᠯᠡᠪᠡ᠃
ᠢᠷᠡᠯᠲᠡ᠄ ᠲᠤᠰ ᠰᠦᠯᠵᠢᠶ᠎ᠡ