| ᠨᠡᠶᠢᠭᠡᠮ ᠤᠨ ᠦᠭᠡ ᠬᠡᠯᠡ ᠥᠰᠥᠭ ᠪᠢᠴᠢᠭ ᠤᠨ ᠳᠦᠷᠢᠮᠵᠢᠭᠰᠡᠨ ᠬᠡᠷᠡᠭᠯᠡᠭᠡᠨ ᠤ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠤᠲᠠ ᠶᠢᠨ | ᠰᠣᠶᠣᠯ ᠤᠨ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠬᠦ ᠶᠢᠨ ᠲᠥᠯᠥᠭᠡ᠂ 11ᠳ᠋ᠤᠭᠡᠷ ᠰᠠᠷ᠎ᠠ ᠶᠢᠨ 1 ᠤ ᠡᠳᠦᠷ᠂ ᠡᠵᠡᠨ ᠬᠤᠷᠤᠭ᠎ᠠ ᠬᠤᠰᠢᠭᠤᠨ ᠤ ᠦᠭᠡ | ᠬᠡᠯᠡ ᠥᠰᠥᠭ ᠪᠢᠴᠢᠭ ᠤᠨ ᠠᠵᠢᠯ ᠤᠨ ᠵᠥᠪᠯᠡᠯ ᠨᠢ ᠡᠵᠡᠨ ᠬᠤᠷᠤᠭ᠎ᠠ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠦᠯᠳᠡ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ ᠪᠠ | ᠵᠢᠭᠤᠯᠴᠢᠯᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠦᠭᠡ ᠬᠡᠯᠡ ᠥᠰᠥᠭ ᠪᠢᠴᠢᠭ ᠤᠨ ᠳᠦᠷᠢᠮᠵᠢᠭᠰᠡᠨ ᠬᠡᠷᠡᠭᠯᠡᠭᠡᠨ ᠤ ᠲᠤᠰᠬᠠᠶ ᠪᠠᠶᠢᠴᠠᠭᠠᠯᠲᠠ | ᠥᠷᠨᠢᠭᠦᠯᠪᠡ᠃ | ᠪᠠᠶᠢᠴᠠᠭᠠᠯᠲᠠ ᠲᠤᠮᠳᠠ᠂ ᠠᠵᠢᠯᠲᠠᠳ ᠵᠡᠭᠡᠯᠢ ᠭᠤᠳᠤᠮᠵᠢ ᠶᠢᠨ ᠬᠤᠳᠠᠯᠳᠤᠭᠠᠨ ᠤ ᠳᠡᠯᠭᠡᠭᠦᠷ᠂ ᠦᠵᠡᠮᠵᠢ ᠶᠢᠨ ᠣᠷᠣᠨ᠂ ᠨᠡᠶᠢᠭᠡᠮ ᠲᠣᠭᠤᠷᠢᠭ ᠵᠡᠷᠭᠡ ᠣᠯᠠᠨ | ᠨᠡᠶᠢᠲᠡ ᠶᠢᠨ ᠲᠠᠯᠠᠪᠤᠷ ᠤᠨ ᠨᠡᠷᠡᠶᠢᠳᠦᠯ ᠤᠨ ᠫᠠᠶᠢᠰᠠ᠂ ᠤᠬᠠᠭᠤᠯᠭ᠎ᠠ ᠶᠢᠨ ᠫᠠᠶᠢᠰᠠ᠂ ᠢᠯᠡᠷᠬᠡᠶᠢᠯᠡᠯ ᠤᠨ ᠫᠠᠶᠢᠰᠠ ᠶᠢᠨ ᠬᠡᠷᠡᠭᠯᠡᠭᠡᠨ ᠤ ᠦᠭᠡ ᠬᠡᠯᠡ ᠥᠰᠥᠭ | ᠪᠢᠴᠢᠭ ᠢ ᠨᠠᠷᠢᠨ ᠬᠢᠨᠠᠮᠠᠭᠠᠶ ᠪᠠᠶᠢᠴᠠᠭᠠᠨ ᠦᠵᠡᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠂ ᠴᠥᠭᠡᠨ ᠲᠣᠭᠠᠲᠤ ᠦᠨᠳᠦᠰᠦᠲᠡᠨ ᠤ ᠦᠭᠡ | ᠬᠡᠯᠡ ᠥᠰᠥᠭ ᠪᠢᠴᠢᠭ᠂ ᠬᠢᠲᠠᠳ ᠬᠡᠯᠡᠨ ᠤ ᠠᠪᠢᠶ᠎ᠠ ᠪᠠ ᠴᠡᠭ ᠲᠡᠮᠳᠡᠭ ᠵᠡᠷᠭᠡ ᠬᠡᠷᠡᠭᠯᠡᠯᠲᠡ ᠨᠢ ᠵᠢᠷᠤᠮᠵᠢᠯ ᠥᠬᠡᠶ᠂ ᠵᠥᠪ ᠪᠤᠰᠤ ᠵᠢᠴᠢ ᠥᠰᠥᠭ ᠨᠢ ᠳᠤᠲᠠᠭᠰᠠᠨ | ᠭᠠᠵᠠᠷ ᠢ ᠲᠤᠬᠠᠶ ᠶᠢᠨ ᠲᠠᠯᠠᠪᠠᠶ ᠳᠤ ᠨᠢ ᠵᠠᠯᠠᠷᠠᠭᠤᠯᠵᠤ᠂ ᠠᠰᠠᠭᠤᠳᠠᠯ ᠣᠷᠣᠰᠢᠵᠤ ᠪᠠᠶᠢᠭ᠎ᠠ ᠬᠤᠳᠠᠯᠳᠤᠭᠠᠨ ᠤ ᠳᠡᠯᠭᠡᠭᠦᠷ ᠲᠤ ︽ᠨᠡᠶᠢᠭᠡᠮ ᠤᠨ ᠬᠡᠷᠡᠭᠯᠡᠭᠡᠨ ᠤ ᠥᠰᠥᠭ | ᠪᠢᠴᠢᠭ ᠤᠨ ᠵᠢᠷᠤᠮᠵᠢᠯ ᠥᠬᠡᠶ ᠭᠡᠷᠡᠭᠯᠡᠯᠳᠡ ᠶᠢ ᠴᠡᠭᠴᠡᠯᠡᠨ ᠰᠠᠶᠢᠵᠢᠷᠠᠭᠤᠯᠬᠤ ᠮᠡᠳᠡᠭᠳᠡᠯ︾ ᠲᠠᠷᠬᠠᠭᠠᠭᠰᠠᠨ ᠪᠥᠭᠡᠳ ᠬᠤᠭᠤᠴᠠᠭ᠎ᠠ ᠲᠣᠭᠲᠠᠭᠠᠨ ᠴᠡᠭᠴᠡᠯᠡᠨ | ᠰᠠᠶᠢᠵᠢᠷᠠᠭᠤᠯᠵᠤ ᠪᠠᠶᠢᠨ᠎ᠠ᠃ | ᠲᠣᠰ ᠤᠳᠠᠭᠠᠨ ᠤ ᠪᠠᠶᠢᠴᠠᠭᠠᠯᠲᠠ ᠪᠠᠷ ᠳᠡᠮᠵᠢᠨ᠂ ᠪᠥᠬᠦ ᠬᠤᠰᠢᠭᠤᠨ ᠤ ᠦᠭᠡ ᠬᠡᠯᠡ ᠥᠰᠥᠭ ᠪᠢᠴᠢᠭ ᠤᠨ ᠳᠦᠷᠢᠮᠵᠢᠭᠰᠡᠨ᠂ ᠪᠠᠷᠢᠮᠵᠢᠶᠠᠵᠢᠭᠰᠠᠨ | ᠬᠥᠭᠵᠢᠯᠲᠡ ᠶᠢ ᠪᠦᠲᠦᠮᠵᠢᠲᠡᠶ ᠠᠬᠢᠭᠤᠯᠵᠤ᠂ ᠡᠵᠡᠨ ᠬᠤᠷᠤᠭ᠎ᠠ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠠᠶᠢᠨ ᠰᠠᠶᠢᠬᠠᠨ ᠦᠭᠡ ᠬᠡᠯᠡ | ᠰᠣᠶᠣᠯ ᠤᠨ ᠠᠭᠤᠷ ᠠᠮᠢᠰᠬᠤᠯ ᠢ ᠪᠣᠶ ᠪᠣᠯᠭᠠᠪᠠ᠃ | |