ᠡᠵᠡᠨ ᠬᠤᠷᠤᠭ᠎ᠠ ᠬᠤᠰᠢᠭᠤ᠄ ᠠᠷᠠᠳ ᠢᠷᠭᠡᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠪᠠ ᠵᠣᠯ ᠵᠢᠷᠭᠠᠯ ᠤᠨ ᠵᠢᠭᠠᠯᠲᠠ ᠲᠤᠭ᠎ᠠ ᠶᠢ ᠲᠡᠭᠡᠭᠰᠢᠯᠡᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2022/11/21
      ᠣᠶᠢᠷ᠎ᠠ ᠶᠢᠨ ᠵᠢᠯ ᠤᠳ ᠲᠤ᠂ ᠡᠵᠡᠨ ᠬᠤᠷᠤᠭ᠎ᠠ ᠬᠤᠰᠢᠭᠤ ᠢᠮᠠᠭᠲᠠ ᠠᠷᠠᠳ ᠣᠯᠠᠨ ᠤ ᠡᠷᠡᠭᠦᠯ ᠮᠡᠨᠳᠦ ᠶᠢᠨ ᠬᠢᠷᠢ ᠲᠦᠪᠰᠢᠨ ᠪᠠ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ ᠶᠢ ᠠᠵᠢᠯ ᠤᠨ ᠭᠤᠤᠯᠳᠠᠯᠭ᠎ᠠ ᠪᠠᠨ ᠪᠣᠯᠭᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠳᠡᠯᠪᠢᠨ᠂ ᠬᠠᠶᠢᠷ᠎ᠠ ᠰᠡᠳᠬᠢᠯᠭᠡ ᠲᠠᠢ ᠪᠠᠷ᠂ ᠬᠦᠴᠦ ᠳᠡᠯᠪᠢᠨ ᠰᠠᠶᠢᠲᠤᠷ ᠬᠢᠵᠦ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠵᠤ᠂  ᠤᠯᠠᠨ ᠲᠦᠮᠡᠨ ᠤ ᠬᠦᠷᠳᠡᠮᠵᠢ ᠶᠢᠨ ᠲᠦᠷᠦᠭᠳᠡᠯ ᠢ ᠦᠷᠬᠦᠯᠵᠢᠯᠡᠨ ᠨᠡᠮᠡᠭᠳᠡᠬᠦᠯᠵᠦ ᠪᠠᠶᠢᠨ᠎ᠠ᠃      ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠳᠠᠭᠠᠳᠬᠠᠯ ᠤᠨ ᠨᠥᠬᠦᠪᠥᠷᠢ ᠶᠢᠨ ᠲᠥᠷᠥᠯ ᠵᠤᠶᠢᠯ ᠪᠣᠯ ᠪᠥᠬᠦ ᠬᠤᠰᠢᠭᠤᠨ ᠤ 2022 ᠣᠨ ᠤ ᠠᠷᠠᠳ ᠤᠨ ᠠᠮᠢᠳᠤᠷᠠᠯ ᠤᠨ ᠠᠷᠪᠠᠨ ᠶᠡᠭᠡ ᠪᠣᠳᠠᠲᠤ ᠶᠠᠪᠤᠳᠠᠯ ᠤᠨ ᠨᠢᠭᠡ ᠪᠣᠯᠤᠨ᠎ᠠ᠃ ᠡᠨᠡ ᠵᠢᠯ᠂ ᠡᠵᠡᠨ ᠬᠤᠷᠤᠭ᠎ᠠ ᠬᠤᠰᠢᠭᠤ 1239 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠬᠤᠳᠠᠯᠳᠤᠭᠠᠨ ᠤ ᠳᠠᠭᠠᠳᠬᠠᠯ ᠤᠨ ᠺᠣᠮᠫᠠᠨᠢ ᠲᠠᠢ ᠬᠠᠮᠲᠤᠷᠠᠨ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠪᠠ ᠬᠦᠨᠳᠦ ᠡᠪᠡᠳᠴᠢᠨ ᠤ ᠳᠠᠭᠠᠳᠬᠠᠯ ᠤᠨ ᠰᠠᠭᠤᠷᠢᠨ ᠳᠡᠭᠡᠷ᠎ᠡ᠂ ᠡᠮ ᠡᠮᠨᠡᠯᠭᠡ ᠶᠢᠨ ᠵᠠᠷᠤᠳᠠᠯ ᠨᠡᠯᠢᠶᠡᠳ ᠥᠨᠳᠥᠷ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠤ ᠲᠠᠩᠰᠠ ᠲᠠᠶᠢᠯᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠵᠠᠷᠤᠳᠠᠯ ᠤᠨ ᠪᠣᠳᠠᠲᠠᠶ ᠲᠠᠩᠰᠠ ᠲᠠᠶᠢᠯᠬᠤ ᠬᠠᠷᠢᠴᠠᠯ ᠢ ᠲᠡᠭᠡᠭᠰᠢᠯᠡᠬᠦᠯᠪᠡ᠃ ᠤᠳᠤᠬᠠᠨ ᠪᠣᠯᠲᠠᠯ᠎ᠠ ᠨᠢᠭᠡᠨᠲᠡ 135 ᠬᠥᠮᠦᠨ ᠤᠳᠠᠭ᠎ᠠ ᠶᠢᠨ ᠲᠠᠩᠰᠠ ᠶᠢ ᠳᠡᠶᠢᠯᠵᠦ᠂ ᠲᠠᠩᠰᠠ ᠳᠡᠶᠢᠯᠵᠦ ᠥᠭᠭᠦᠭᠰᠡᠨ ᠵᠣᠭᠤᠰ ᠨᠢ 75 . 14 ᠲᠦᠮᠡᠨ ᠲᠥᠭᠦᠷᠢᠭ ᠲᠤ ᠬᠦᠷᠴᠡᠶ᠃      ᠬᠤᠰᠢᠭᠤᠨ ᠤ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ ᠳᠠᠭᠠᠳᠬᠠᠯ ᠤᠨ ᠺᠣᠮᠫᠠᠨᠢ ᠲᠠᠢ ᠢᠳᠡᠪᠬᠢᠲᠡᠶ ᠬᠠᠮᠲᠤᠷᠠᠨ ᠲᠣᠮᠣ ᠳ᠋ᠠᠶᠢᠲ᠋ᠠ ᠪᠠᠷ ᠳᠠᠮᠵᠢᠭᠤᠯᠤᠨ 5000 ᠭᠠᠷᠤᠶ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠳᠠᠭᠠᠳᠬᠠᠯ ᠤᠨ ᠨᠥᠬᠦᠪᠥᠷᠢ ᠶᠢᠨ ᠨᠥᠬᠦᠴᠡᠯ ᠳᠤ ᠨᠡᠶᠢᠴᠡᠬᠦ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠢ ᠰᠢᠭᠰᠢᠨ ᠪᠠᠶᠢᠴᠠᠭᠠᠵᠤ ᠭᠠᠷᠭᠠᠬᠤ ᠶᠢᠨ ᠬᠠᠮᠳᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠲᠠᠢ ᠵᠣᠯᠭᠠᠭᠤᠯᠵᠤ᠂ ᠲᠣᠰ ᠲᠣᠰᠬᠤᠨ ᠤ ᠨᠥᠬᠦᠴᠡᠯ ᠳᠤ ᠨᠡᠶᠢᠴᠡᠬᠦ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠢ ᠴᠠᠭ ᠲᠤᠬᠠᠶ ᠳᠤ ᠨᠢ ᠲᠠᠩᠰᠠ ᠪᠠᠨ ᠲᠠᠶᠢᠯᠬᠤ ᠶᠢ ᠳᠠᠶᠢᠴᠢᠯᠠᠪᠠ᠃      ᠡᠮ ᠡᠮᠨᠡᠯᠭᠡ ᠶᠢᠨ ᠪᠠᠲᠤᠯᠠᠭ᠎ᠠ ᠪᠣᠯ ᠠᠷᠠᠳ ᠤᠨ ᠠᠮᠢᠳᠤᠷᠠᠯ ᠤᠨ ᠪᠠᠬᠢᠯᠡᠯᠲᠡ ᠮᠥᠨ᠃ ᠡᠯ᠎ᠡ ᠵᠤᠶᠢᠯ ᠤᠨ ᠡᠪᠡᠳᠴᠢᠨ ᠡᠮᠭᠡᠭ ᠢ ︽ᠡᠷᠲᠡ ᠢᠯᠡᠷᠡᠬᠦᠯᠤᠨ᠂ ᠡᠷᠲᠡ  ᠤᠨᠤᠰᠢᠯᠠᠵᠤ᠂ ᠡᠷᠲᠡ ᠡᠮᠨᠡᠨ ᠵᠠᠰᠠᠵᠤ᠂ ᠡᠷᠲᠡ ᠰᠡᠷᠭᠡᠶᠢᠯᠡᠬᠦ︾᠎ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠠᠷᠠᠳ ᠣᠯᠠᠨ ᠤ ᠡᠷᠡᠭᠦᠯ ᠮᠡᠨᠳᠦ ᠶᠢᠨ ᠬᠢᠷᠢ ᠲᠦᠪᠰᠢᠨ᠂ ᠠᠮᠢᠳᠤᠷᠠᠯ ᠤᠨ ᠶᠠᠰᠤ ᠴᠢᠨᠠᠷ ᠪᠠ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠡᠨᠡ ᠵᠢᠯ ᠡᠵᠡᠨ ᠬᠤᠷᠤᠭ᠎ᠠ ᠬᠤᠰᠢᠭᠤ ᠠᠯᠪᠠᠲᠠᠨ ᠤ ᠡᠮ ᠡᠮᠨᠡᠯᠭᠡ ᠶᠢᠨ ᠨᠥᠬᠦᠪᠥᠷᠢ ᠶᠢᠨ ᠰᠠᠭᠤᠷᠢ ᠮᠥᠩᠭᠦ ᠶᠢ ᠬᠡᠷᠡᠭᠯᠡᠨ ᠪᠥᠬᠦ ᠬᠤᠰᠢᠭᠤᠨ ᠤ ᠺᠠᠳ᠋ᠷ ᠠᠵᠢᠯᠲᠠᠨ ᠳᠤ ᠪᠥᠬᠦ ᠲᠠᠯ᠎ᠠ ᠶᠢᠨ ᠡᠷᠡᠭᠦᠯ ᠮᠡᠨᠳᠦ ᠶᠢᠨ ᠪᠠᠶᠢᠴᠠᠭᠠᠯᠲᠠ ᠬᠢᠵᠦ ᠥᠭᠪᠡ᠃      ᠣᠶᠢᠷ᠎ᠠ ᠶᠢᠨ ᠵᠢᠯ ᠳᠤ᠂ ᠡᠵᠡᠨ ᠬᠤᠷᠤᠭ᠎ᠠ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠲᠣᠭᠲᠠᠭᠤᠨ ᠢᠶᠠᠷ ᠨᠡᠮᠡᠭᠳᠡᠵᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠪᠠᠲᠤᠯᠠᠭ᠎ᠠ ᠶᠢᠨ ᠬᠡᠪᠴᠢᠶ᠎ᠡ ᠶᠢ ᠲᠣᠭᠲᠠᠭᠤᠨ ᠢᠶᠠᠷ ᠥᠷᠭᠡᠳᠬᠡᠨ᠂ ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠤᠨ ᠪᠥᠭᠡᠳ ᠦᠷᠬᠦᠯᠵᠢᠯᠡᠬᠦᠶᠢᠴᠠ ᠪᠠᠯᠠ ᠴᠤᠭᠯᠠᠭᠤᠯᠬᠤ ᠪᠠ ᠲᠠᠩᠰᠠ ᠲᠠᠶᠢᠯᠬᠤ ᠬᠠᠷᠢᠴᠠᠯ ᠢ ᠲᠣᠬᠢᠷᠠᠭᠤᠯᠬᠤ ᠲᠣᠭᠲᠠᠴᠠ ᠶᠢ ᠪᠦᠷᠢᠨᠰᠢᠭᠦᠯᠵᠦ᠂ ᠠᠵᠢᠯᠲᠠᠨ ᠠᠵᠢᠯᠴᠢᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠡᠮᠨᠡᠯᠭᠡ ᠳᠤ ᠰᠠᠭᠤᠭᠰᠠᠨ ᠵᠠᠷᠤᠳᠠᠯ ᠤᠨ ᠳᠥᠯᠥᠬᠦ ᠬᠠᠷᠢᠴᠠᠯ ᠢ ᠲᠣᠰ ᠲᠣᠰ 90 %᠂ 75 % ᠣᠷᠴᠢᠮ ᠪᠤᠯᠭᠠᠨ ᠲᠣᠭᠲᠠᠪᠤᠷᠢᠵᠢᠭᠤᠯᠪᠠ᠃ ᠬᠦᠴᠢᠷᠳᠡᠯᠲᠡᠶ ᠬᠥᠮᠦᠰ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠤᠪᠢ ᠬᠥᠮᠦᠨ ᠤ ᠰᠤᠶᠢᠳᠭᠡᠯ ᠲᠤᠰᠢᠶᠠᠬᠤ ᠬᠡᠰᠡᠭ ᠢ ᠡᠳ᠋ ᠤᠨ ᠵᠠᠰᠠᠭ ᠠᠴᠠ ᠨᠢᠭᠡ ᠬᠡᠰᠡᠭ ᠢ ᠨᠢ ᠲᠤᠰᠠᠯᠠᠵᠤ᠂ ᠬᠤᠰᠢᠭᠤᠨ ᠳᠣᠲᠣᠷ᠎ᠠ ᠡᠪᠡᠳᠴᠢᠨ ᠦᠵᠡᠭᠦᠯᠬᠦ ᠳᠤ ︽ᠤᠷᠢᠳᠠᠪᠠᠷ ᠡᠮᠨᠡᠭᠦᠯᠵᠦ᠂ ᠳᠠᠷᠠᠭ᠎ᠠ ᠨᠢ  ᠰᠤᠶᠢᠳᠭᠡᠯ ᠲᠤᠰᠢᠶᠠᠬᠤ︾᠎ ᠶᠢ ᠪᠡᠶᠡᠯᠡᠭᠦᠯᠵᠦ᠂ ᠡᠮᠨᠡᠯᠭᠡ ᠳᠤ ᠰᠠᠭᠤᠭᠰᠠᠨ ᠵᠠᠷᠤᠳᠠᠯ ᠢ ︽ᠨᠢᠭᠡ ᠥᠷᠲᠡᠭᠡ ᠮᠠᠶ᠋ᠢᠭ︾᠎ ᠢᠶᠠᠷ ᠲᠡᠰᠦᠯᠦᠨ ᠪᠤᠳᠤᠬᠤ ᠶᠢ ᠪᠡᠶᠡᠯᠡᠭᠦᠯᠵᠦ᠂ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠢ ᠳᠤᠲᠠᠭᠤ ᠵᠠᠮ ᠬᠥᠭᠡᠭᠡᠵᠦ᠂ ᠳᠤᠲᠠᠭᠤ ᠪᠡᠯᠡ ᠮᠥᠩᠭᠦ ᠣᠷᠣᠯᠠᠨ ᠲᠤᠰᠢᠶᠠᠯᠭᠠᠬᠤ ᠶᠢ ᠪᠡᠶᠡᠯᠡᠬᠦᠯᠪᠠ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠲᠠᠰ ᠳᠠᠪᠬᠤᠷᠭ᠎ᠠ ᠶᠢᠨ ᠡᠮ ᠡᠮᠨᠡᠯᠭᠡ ᠶᠢᠨ ᠪᠠᠲᠤᠯᠠᠭ᠎ᠠ ᠶᠢ ᠡᠮᠬᠢ ᠵᠢᠷᠤᠮ ᠲᠠᠢ ᠵᠣᠯᠭᠠᠭᠤᠯᠬᠤ ᠶᠢ ᠢᠳᠡᠪᠬᠢᠲᠡᠶ ᠠᠬᠢᠭᠤᠯᠵᠤ᠂ ᠬᠦᠨᠳᠦ ᠡᠪᠡᠳᠴᠢᠨ ᠤ ᠳᠠᠭᠠᠳᠬᠠᠯ ᠪᠠ ᠡᠮ ᠡᠮᠨᠡᠯᠭᠡ ᠶᠢᠨ ᠠᠪᠤᠷᠠᠨ ᠲᠤᠰᠠᠯᠠᠬᠤ ᠲᠦᠷᠢᠮ ᠢ ᠰᠠᠶᠢᠲᠤᠷ ᠨᠠᠶᠢᠳᠠᠪᠤᠷᠢᠵᠢᠭᠤᠯᠤᠨ᠂ ᠤᠨᠳᠤᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠲᠡᠰᠦᠯᠦᠨ ᠪᠤᠳᠤᠬᠤ ᠶᠢ ᠰᠠᠶᠢᠲᠤᠷ ᠨᠠᠶᠢᠳᠠᠪᠤᠷᠢᠵᠢᠭᠤᠯᠵᠤ᠂ ᠬᠤᠳᠠᠯᠳᠤᠭᠠᠨ ᠤ ᠡᠮ ᠡᠮᠨᠡᠯᠭᠡ ᠶᠢᠨ ᠳᠠᠭᠠᠳᠬᠠᠯ ᠢ ᠢᠳᠡᠪᠬᠢᠲᠡᠶ ᠬᠦᠭᠵᠢᠬᠦᠯᠦᠨ᠂ ᠪᠥᠬᠦ ᠬᠤᠰᠢᠭᠤᠨ ᠤ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠪᠠ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠲᠤ ᠨᠠᠩ ᠰᠠᠶᠢᠨ ᠡᠮ ᠡᠮᠨᠡᠯᠭᠡ ᠶᠢᠨ ᠳᠠᠭᠠᠳᠬᠠᠯ ᠤᠨ ᠤᠶᠢᠯᠡᠴᠢᠯᠡᠭᠡ ᠬᠠᠩᠭᠠᠬᠤ ᠪᠠᠷ ᠴᠢᠷᠮᠠᠶᠢᠵᠤ ᠪᠠᠶᠢᠨ᠎ᠠ᠃  
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ