2022 ᠣᠨ ᠤ 11 ᠳ᠋ᠦ᠋ᠭᠡᠷ ᠰᠠᠷ᠎ᠠ ᠶᠢᠨ 20᠎ ᠤ ᠡᠳᠦᠷ ᠤᠨ 0 ᠴᠠᠭ ᠠᠴᠠ 24 ᠴᠠᠭ ᠪᠤᠯᠲᠠᠯᠠᠭᠢ ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/11/21
      11 ᠳ᠋ᠦ᠋ᠭᠡᠷ ᠰᠠᠷ᠎ᠠ ᠶᠢᠨ 20᠎ ᠤ ᠡᠳᠦᠷ ᠤᠨ 0 ᠴᠠᠭ ᠠᠴᠠ 24 ᠴᠠᠭ ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 92 ᠨᠡᠮᠡᠭᠳᠡᠵᠦ᠂ ᠡᠭᠦᠨ ᠳᠤ ᠭᠦᠭᠡᠬᠤᠳᠠ ᠳᠤ 71 ︵ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠣᠯᠠᠭᠰᠠᠨ ᠡᠪᠡᠳᠴᠢᠨ ᠤ ᠵᠢᠱᠢᠶ᠎ᠡ ᠪᠣᠯᠤᠭᠰᠠᠨ 2 ᠵᠢᠱᠢᠶ᠎ᠡ ᠪᠠᠭᠲᠠᠨ᠎ᠠ︶᠂ ᠬᠥᠯᠥᠨ ᠪᠤᠶᠢᠷ ᠬᠤᠲᠠ ᠳᠤ 1᠂ ᠤᠯᠠᠭᠠᠨᠬᠠᠳᠠ ᠬᠤᠲᠠ ᠳᠤ 1᠂ ᠣᠷᠳᠣᠰ ᠬᠤᠲᠠ ᠳᠤ 19 ᠪᠣᠢ᠃       ᠲᠤᠬᠠᠢ ᠶᠢᠨ ᠡᠳᠦᠷ ᠢᠯᠠᠷᠢᠰᠢᠵᠤ ᠡᠮᠨᠡᠯᠭᠡ ᠠᠴᠠ ᠭᠠᠷᠤᠭᠰᠠᠨ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 98 ᠨᠡᠮᠡᠭᠳᠡᠵᠦ᠂ ᠡᠭᠦᠨ ᠳᠤ ᠭᠦᠭᠡᠬᠤᠳᠠ ᠳᠤ 91᠂ ᠤᠯᠠᠭᠠᠨᠬᠠᠳᠠ ᠬᠤᠲᠠ ᠳᠤ 2᠂ ᠰᠢᠯᠢ ᠶᠢᠨ ᠭᠤᠣᠯ ᠠᠶᠢᠮᠠᠭ ᠲᠤ 1᠂ ᠣᠷᠳᠣᠰ ᠬᠤᠲᠠ ᠳᠤ 4 ᠪᠣᠶ᠃      11 ᠳ᠋ᠦ᠋ᠭᠡᠷ ᠰᠠᠷ᠎ᠠ ᠶᠢᠨ 20᠎ ᠤ ᠡᠳᠦᠷ ᠤᠨ 24 ᠴᠠᠭ ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 1141 ᠪᠠᠶᠢᠵᠤ᠂ ᠡᠭᠦᠨ ᠳᠤ ᠭᠦᠭᠡᠬᠤᠳᠠ ᠳᠤ 961᠂ ᠪᠤᠭᠤᠲᠤ ᠬᠤᠲᠠ ᠳᠤ 1᠂ ᠬᠥᠯᠥᠨ ᠪᠤᠶᠢᠷ ᠬᠤᠲᠠ ᠳᠤ 4᠂ ᠬᠢᠩᠭᠠᠨ ᠠᠶᠢᠮᠠᠭ ᠲᠤ 7᠂ ᠲᠦᠩᠯᠢᠶᠣᠣ ᠬᠤᠲᠠ ᠳᠤ 2᠂ ᠤᠯᠠᠭᠠᠨᠬᠠᠳᠠ ᠬᠤᠲᠠ ᠳᠤ 27᠂ ᠰᠢᠯᠢ ᠶᠢᠨ ᠭᠤᠣᠯ ᠠᠶᠢᠮᠠᠭ ᠲᠤ 2᠂ ᠤᠯᠠᠭᠠᠨᠴᠠᠪ ᠬᠤᠲᠠ ᠳᠤ 4᠂ ᠣᠷᠳᠣᠰ ᠬᠤᠲᠠ ᠳᠤ 133 ᠪᠣᠢ᠃      ᠲᠤᠬᠠᠢ ᠶᠢᠨ ᠡᠳᠦᠷ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ ᠰᠢᠨ᠎ᠡ ᠪᠠᠷ ᠨᠡᠮᠡᠭᠳᠡᠭᠰᠡᠨ ᠦᠭᠡᠢ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ᠨᠡᠮᠡᠭᠳᠡᠵᠦ᠂ ᠲᠡᠷᠡ ᠨᠢ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠤᠯᠠᠨ ᠤᠯᠤᠰ ᠤᠨ ᠡᠭᠡᠯᠵᠢ ᠶᠢᠨ ᠨᠢᠰᠬᠡᠯ ᠤᠨ ᠬᠤᠪᠢᠶᠠᠷᠢᠯᠠᠯᠲᠠ ᠪᠠᠷ ᠭᠦᠭᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠴᠢ ᠪᠣᠯᠣᠨ᠎ᠠ᠃ ᠤᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 10᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 7 ᠪᠤᠢ᠃       ᠲᠤᠬᠠᠢ ᠶᠢᠨ ᠡᠳᠦᠷ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 832 ᠨᠡᠮᠡᠭᠳᠡᠵᠦ᠂ ᠡᠭᠦᠨ ᠳᠤ ᠬᠥᠬᠡᠬᠤᠲᠠ ᠳᠤ 536᠂ ᠪᠤᠭᠤᠲᠤ ᠬᠤᠲᠠ ᠳᠤ 35᠂ ᠬᠢᠩᠭᠠᠨ ᠠᠶᠢᠮᠠᠭ ᠲᠤ 9᠂ ᠲᠦᠩᠯᠢᠶᠣᠣ ᠬᠤᠲᠠ ᠳᠤ 184᠂ ᠤᠯᠠᠭᠠᠨᠬᠠᠳᠠ ᠬᠤᠲᠠ ᠳᠤ 27᠂ ᠰᠢᠯᠢ ᠶᠢᠨ ᠭᠤᠣᠯ ᠠᠶᠢᠮᠠᠭ ᠲᠤ 2᠂ ᠤᠯᠠᠭᠠᠨᠴᠠᠪ ᠬᠤᠲᠠ ᠳᠤ 35᠂ ᠣᠷᠳᠣᠰ ᠬᠤᠲᠠ ᠳᠤ 1᠂ ᠪᠠᠶᠠᠨᠨᠠᠭᠤᠷ ᠬᠤᠲᠠ ᠳᠤ 3 ᠪᠣᠶ᠃       ᠲᠤᠬᠠᠢ ᠶᠢᠨ ᠡᠳᠦᠷ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠭᠰᠠᠨ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1371 ᠪᠠᠶᠢᠵᠤ᠂ ᠡᠭᠦᠨ ᠳᠤ ᠬᠥᠬᠡᠬᠤᠲᠠ ᠳᠤ 1304᠂ ᠪᠤᠭᠤᠲᠤ ᠬᠤᠲᠠ ᠳᠤ 8᠂ ᠲᠦᠩᠯᠢᠶᠣᠣ ᠬᠤᠲᠠ ᠳᠤ 1᠂ ᠤᠯᠠᠭᠠᠨᠬᠠᠳᠠ ᠬᠤᠲᠠ ᠳᠤ 5᠂ ᠰᠢᠯᠢ ᠶᠢᠨ ᠭᠤᠣᠯ ᠠᠶᠢᠮᠠᠭ ᠲᠤ 3᠂ ᠤᠯᠠᠭᠠᠨᠴᠠᠪ ᠬᠤᠲᠠ ᠳᠤ 14᠂ ᠪᠠᠶᠠᠨᠨᠠᠭᠤᠷ ᠬᠤᠲᠠ ᠳᠤ 18᠂ ᠦᠬᠠᠢ ᠬᠤᠲᠠ ᠳᠤ 8᠂ ᠠᠯᠠᠱᠠ ᠠᠶᠢᠮᠠᠭ ᠲᠤ 10 ᠪᠣᠶ᠃       11 ᠳ᠋ᠦ᠋ᠭᠡᠷ ᠰᠠᠷ᠎ᠠ ᠶᠢᠨ 20᠎ ᠤ ᠡᠳᠦᠷ ᠤᠨ 24 ᠴᠠᠭ ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 10291 ᠪᠠᠶᠢᠵᠤ᠂ ᠡᠭᠦᠨ ᠳᠤ ᠬᠥᠬᠡᠬᠤᠲᠠ ᠳᠤ 8615᠂ ᠪᠤᠭᠤᠲᠤ ᠬᠤᠲᠠ ᠳᠤ 194᠂ ᠬᠢᠩᠭᠠᠨ ᠠᠶᠢᠮᠠᠭ ᠲᠤ 55᠂ ᠲᠦᠩᠯᠢᠶᠣᠣ ᠬᠤᠲᠠ ᠳᠤ 759᠂ ᠤᠯᠠᠭᠠᠨᠬᠠᠳᠠ ᠬᠤᠲᠠ ᠳᠤ 142᠂ ᠰᠢᠯᠢ ᠶᠢᠨ ᠭᠤᠣᠯ ᠠᠶᠢᠮᠠᠭ ᠲᠤ 50᠂ ᠤᠯᠠᠭᠠᠨᠴᠠᠪ ᠬᠤᠲᠠ ᠳᠤ 263᠂ ᠣᠷᠳᠣᠰ ᠬᠤᠲᠠ ᠳᠤ 6᠂ ᠪᠠᠶᠠᠨᠨᠠᠭᠤᠷ ᠬᠤᠲᠠ ᠳᠤ 116᠂ ᠦᠬᠠᠢ ᠬᠤᠲᠠ ᠳᠤ 17᠂ ᠠᠯᠠᠱᠠ ᠠᠶᠢᠮᠠᠭ ᠲᠤ 74 ᠪᠣᠢ᠃       ᠳᠡᠭᠡᠷ᠎ᠡ ᠳᠤᠷᠠᠳᠤᠭᠰᠠᠨ ᠬᠥᠮᠥᠰ ᠢ ᠪᠦᠭᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠬᠦ ᠪᠤᠶᠤ ᠴᠢᠩᠭᠡᠯᠢᠭᠲᠦ ᠡᠮᠨᠡᠯᠭᠡ ᠶᠢᠨ ᠬᠤᠷᠢᠶᠠᠨ ᠳᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠤᠶ᠃ 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ